蒙古文网站Logo
ᠰᠢᠨᠬᠤᠸᠠ ᠮᠤᠩᠭ᠋ᠤᠯ ᠨᠧᠲ

ᠡᠵᠡᠩᠨᠡᠯᠲᠡ ᠶᠢᠨ ᠭᠠᠶᠢᠯᠢ ᠵᠢ ᠨᠡᠮᠡᠭᠳᠡᠯ ᠦᠷᠲᠡᠭ ᠤᠨ ᠭᠠᠶᠢᠯᠢ ᠪᠤᠯᠭᠠᠬᠰᠠᠨ ᠡᠴᠡ 5000 ᠳ᠋ᠦ᠋ᠩᠰᠢᠭᠤᠷ ᠲᠦᠭᠦᠷᠢᠭ᠌ ᠤᠨ ᠭᠠᠶᠢᠯᠢ ᠬᠠᠰᠤᠬᠳᠠᠯ᠎ᠠ

2016-12-23 17:16

    ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠡ ᠶᠢᠨ ᠠᠯᠪᠠᠨ ᠨᠧᠲ ᠤᠨ ᠮᠡᠳᠡᠭᠡ ᠵᠢ ᠦᠨᠳᠦᠰᠦᠯᠡᠪᠡᠯ᠂ 2016 ᠤᠨ ᠪᠤᠯ ᠬᠠᠨᠭᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠠᠯᠲᠡ ᠵᠢ ᠲᠤᠤᠱᠯᠠᠭᠤᠯᠤᠬᠰᠠᠨ ᠴᠢᠬᠤᠯᠠ ᠨᠢᠭᠡ ᠵᠢᠯ ᠮᠦᠨ᠃ ᠡᠨᠡ ᠵᠢᠯ ᠤᠨ ᠲᠤᠷᠰᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠭᠠᠶᠢᠯᠢ ᠬᠤᠷᠢᠶᠠᠬᠤ ᠬᠦᠩᠭᠡᠯᠡᠯᠲᠡ ᠶᠢᠨ ᠲᠦᠷᠦ ᠶᠢᠨ ᠪᠤᠳᠤᠯᠭ᠎ᠠ ᠵᠢ ᠬᠢᠨᠠᠮᠠᠭᠠᠢ ᠲᠤᠤᠱᠯᠠᠭᠤᠯᠬᠤ ᠪᠠ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠠᠶᠢᠯᠢ ᠵᠢ ᠨᠡᠮᠡᠭᠳᠡᠯ ᠦᠷᠲᠡᠭ ᠤᠨ ᠭᠠᠶᠢᠯᠢ ᠪᠤᠯᠭᠠᠬᠤ ᠵᠡᠷᠭᠡ ᠡᠯ᠎ᠡ ᠲᠦᠷᠦᠯ ᠤᠨ ᠭᠠᠶᠢᠯᠢ ᠶᠢᠨ ᠲᠤᠬᠠᠢ ᠦᠭᠡᠷᠡᠴᠢᠯᠡᠯᠲᠡ ᠵᠢ ᠢᠳᠡᠪᠬᠢᠲᠡᠢ ᠠᠬᠢᠭᠤᠯᠵᠦ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭ᠍ᠰᠢᠯᠡᠭᠦᠯᠵᠡᠢ᠃

    ᠡᠨᠡ ᠤᠨ ᠤ ᠲᠦᠷᠦᠭᠦᠦ ᠭᠤᠷᠪᠠᠨ ᠤᠯᠠᠷᠢᠯ ᠳᠤ ᠤᠯᠤᠰ ᠤᠨ ᠪᠠᠭ᠎ᠠ ᠬᠡᠪᠴᠢᠶᠡᠨ ᠤ ᠠᠵᠦ ᠠᠬᠤᠶᠢᠯᠠᠯ ᠢ ᠭᠠᠶᠢᠯᠢ ᠡᠴᠡ ᠬᠠᠰᠤᠵᠦ ᠴᠢᠯᠦᠭᠡᠯᠡᠭᠰᠡᠨ ᠬᠡᠮᠵᠢᠶ᠎ᠡ 853 ᠳ᠋ᠦ᠋ᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ 120 ᠳ᠋ᠦ᠋ᠩᠰᠢᠭᠤᠷ ᠲᠦᠭᠦᠷᠢᠭ᠌ ᠪᠤᠶᠤ 16.4% ᠪᠡᠷ ᠨᠡᠮᠡᠭᠳᠡᠵᠡᠢ᠃ 7-10 ᠰᠠᠷ᠎ᠠ ᠳᠤ ᠮᠠᠨ ᠤ ᠤᠯᠤᠰ ᠤᠨ ᠡᠬᠢ ᠪᠠᠶᠠᠯᠢᠬ ᠤᠨ ᠭᠠᠶᠢᠯᠢ ᠶᠡᠷᠦᠩᠬᠡᠢ ᠳᠡᠭᠡᠨ 30 ᠳ᠋ᠦ᠋ᠩᠰᠢᠭᠤᠷ ᠲᠦᠭᠦᠷᠢᠭ᠌ ᠪᠤᠶᠤ 22.57% ᠪᠡᠷ ᠬᠠᠰᠤᠬᠳᠠᠵᠠᠢ᠃ 2016 ᠤᠨ ᠤ ᠵᠢᠯ ᠲᠤᠷᠰᠢ ᠡᠵᠡᠩᠨᠡᠯᠲᠡ ᠶᠢᠨ ᠭᠠᠶᠢᠯᠢ ᠵᠢ ᠨᠡᠮᠡᠭᠳᠡᠯ ᠦᠷᠲᠡᠭ ᠤᠨ ᠭᠠᠶᠢᠯᠢ ᠪᠤᠯᠭᠠᠬᠰᠠᠨ ᠡᠴᠡ ᠬᠠᠰᠤᠬᠳᠠᠬᠰᠠᠨ ᠭᠠᠶᠢᠯᠢ ᠶᠢᠨ ᠬᠡᠮᠵᠢᠶ᠎ᠡ 5000 ᠳ᠋ᠦ᠋ᠩᠰᠢᠭᠤᠷ ᠲᠦᠭᠦᠷᠢᠭ᠌ ᠡᠴᠡ ᠭᠡᠳᠦᠷᠡᠭᠰᠡᠨ ᠪᠠᠶᠢᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120177731