蒙古文网站Logo
ᠰᠢᠨᠬᠤᠸᠠ ᠮᠤᠩᠭ᠋ᠤᠯ ᠨᠧᠲ

ᠲᠦᠷᠦᠭᠦᠦ 11 ᠰᠠᠷ ᠠ ᠳᠤ ᠤᠷᠤᠨ ᠳᠠᠶᠠᠭᠠᠷ ᠤᠨ 500 ᠲᠦᠮᠡ ᠡᠴᠡ ᠳᠡᠭᠡᠭ᠍ᠰᠢᠬᠢ ᠲᠦᠰᠦᠯ ᠤᠨ ᠬᠦᠷᠦᠩᠭᠡ ᠤᠷᠤᠭᠤᠯᠤᠯᠲᠠ 1.5 ᠲᠦᠮᠡᠨ ᠳ᠋ᠦᠩᠰᠢᠭᠤᠷ ᠢ ᠳᠠᠪᠠᠵᠤ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 11.9% ᠪᠡᠷ ᠨᠡᠮᠡᠭᠳᠡᠪᠡ

2016-12-26 11:47

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠦᠨᠦ ᠵᠢᠯ ᠤᠨ ᠲᠦᠷᠦᠭᠦᠦ 11 ᠰᠠᠷ᠎ᠠ ᠳᠤ ᠤᠷᠤᠨ ᠳᠠᠶᠠᠭᠠᠷ ᠤᠨ 500 ᠲᠦᠮᠡ ᠡᠴᠡ ᠳᠡᠭᠡᠭ᠍ᠰᠢᠬᠢ ᠲᠦᠰᠦᠯ ᠤᠨ ᠬᠦᠷᠦᠩᠭᠡ ᠤᠷᠤᠭᠤᠯᠤᠯᠲᠠ 1.5 ᠲᠦᠮᠡᠨ ᠳ᠋ᠦᠩᠰᠢᠭᠤᠷ ᠢ ᠳᠠᠪᠠᠵᠤ 15018.75 ᠳ᠋ᠦᠩᠰᠢᠭᠤᠷ ᠲᠦᠬᠦᠷᠢᠭ᠌ ᠬᠦᠷᠪᠡ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 11.9% ᠪᠡᠷ ᠨᠡᠮᠡᠭᠳᠡᠨ᠂ ᠠᠳᠠᠯᠢ ᠬᠤᠭᠤᠴᠠᠭᠠᠨ ᠳᠡᠬᠢ ᠤᠯᠤᠰ ᠳᠠᠶᠠᠭᠠᠷ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ 3.6 ᠵᠠᠭᠤᠨ ᠤ ᠨᠢᠭᠡᠴᠢ ᠪᠠᠶᠢᠯ᠎ᠠ᠃

    ᠭᠤᠷᠪᠠᠠ ᠠᠵᠤ ᠦᠢᠯᠡᠰ ᠤᠨ ᠬᠦᠷᠦᠩᠭᠡ ᠤᠷᠤᠭᠤᠯᠤᠯᠲᠠ ᠡᠴᠡ ᠦᠵᠡᠪᠡᠯ᠂ ᠲᠦᠷᠦᠭᠦᠦ 11 ᠰᠠᠷ ᠠ ᠳᠤ ᠨᠢᠭᠡᠳᠦᠭᠡᠷ ᠠᠵᠤ ᠦᠢᠯᠡᠰ 698.96 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 13.9% ᠪᠡᠷ ᠨᠡᠮᠡᠭᠳᠡᠪᠠ᠃ ᠬᠤᠶᠠᠳᠤᠭᠠᠷ ᠠᠵᠤ ᠦᠢᠯᠡᠰ 6463.61 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 0.8% ᠪᠡᠷ ᠪᠠᠭᠤᠷᠠᠵᠠᠢ᠃ ᠭᠤᠷᠪᠠᠳᠤᠭᠠᠷ ᠠᠵᠤ ᠦᠢᠯᠡᠰ 7856.1 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 24.7% ᠪᠡᠷ ᠨᠡᠮᠡᠭᠳᠠᠪᠠ᠃ ᠭᠤᠤᠯᠳᠠᠯᠭ᠎ᠠ ᠲᠠᠢ ᠬᠦᠷᠦᠩᠭᠡ ᠤᠷᠤᠭᠤᠯᠤᠯᠲᠠ ᠶᠢᠨ ᠠᠵᠢᠯ ᠲᠦᠷᠦᠯ ᠡᠴᠡ ᠠᠪᠴᠤ ᠦᠵᠡᠪᠡᠯ᠂ ᠲᠦᠷᠦᠭᠦᠦ 11 ᠰᠠᠷ ᠠ ᠳᠤ ᠵᠠᠮ ᠬᠠᠷᠢᠯᠴᠠᠭᠠᠨ ᠤ ᠵᠦᠭᠡᠭᠡᠪᠦᠷᠢᠯᠡᠯᠲᠡ᠂ ᠬᠦᠮᠦᠷᠭᠡᠯᠡᠯᠲᠡ ᠪᠤᠯᠤᠨ ᠰᠢᠤᠳᠠᠨ ᠤ ᠦᠢᠯᠡᠰ 1662.36 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 33.5% ᠪᠡᠷ ᠨᠡᠮᠡᠭᠳᠡᠵᠠᠢ᠂ ᠤᠰᠤᠨ ᠠᠰᠢᠭᠯᠠᠯᠲᠠ᠂ ᠤᠷᠴᠢᠨ ᠲᠤᠭᠤᠷᠢᠨ ᠪᠤᠯᠤᠨ ᠨᠡᠶᠢᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠦᠢᠯᠡᠰ 2627.88 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 50.5% ᠪᠡᠷ ᠨᠡᠮᠡᠭᠳᠡᠨ᠂ ᠰᠤᠶᠤᠯ᠂ ᠲᠠᠮᠢᠷ ᠪᠤᠯᠤᠨ ᠤᠷᠠᠯᠢᠭ ᠤᠨ ᠦᠢᠯᠡᠰ 208.78 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ57.4% ᠨᠡᠮᠡᠭᠳᠡᠪᠡ᠃ ᠳᠦᠷᠢᠶᠡᠰᠦᠯᠡᠬᠦ ᠪᠤᠯᠤᠨ ᠬᠤᠳᠠᠯᠳᠤᠭᠠᠨ ᠤ ᠦᠢᠯᠡᠴᠢᠯᠡᠭᠡᠨ ᠤ ᠦᠢᠯᠡᠰ 140.63 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 42.1% ᠪᠡᠷ ᠨᠡᠮᠡᠭᠳᠡᠵᠠᠢ᠃ ᠬᠦᠷᠦᠩᠭᠡ ᠤᠷᠤᠭᠤᠯᠤᠯᠲᠠ ᠶᠢᠨ ᠲᠤᠭ᠎ᠠ ᠬᠡᠮᠵᠢᠶ᠎ᠡ ᠡᠴᠡ ᠦᠵᠡᠪᠡᠯ᠂ ᠤᠷᠤᠨ ᠳᠠᠶᠠᠭᠠᠷ ᠤᠨ ᠬᠦᠷᠦᠩᠭᠡ ᠤᠷᠤᠭᠤᠯᠤᠭᠰᠠᠨ ᠪᠠᠷᠢᠯᠭ᠎ᠠ ᠶᠢᠨ ᠲᠦᠰᠦᠯ 22729 ᠪᠠᠶᠢᠵᠤ᠂ ᠦᠩᠭᠡᠷᠡᠭᠰᠡᠨ ᠤᠨ ᠤ ᠮᠦᠨ ᠦᠶ ᠡ ᠶᠢᠨ ᠬᠢ ᠡᠴᠡ 31.9% ᠪᠡᠷ ᠨᠡᠮᠡᠭᠳᠡᠪᠡ᠂ ᠡᠭᠦᠨ ᠳᠤ ᠦᠨᠦ ᠵᠢᠯ18200 ᠲᠦᠰᠦᠯ ᠳᠤ ᠬᠦᠷᠦᠩᠭᠡ ᠤᠷᠤᠭᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 38.5% ᠪᠡᠷ ᠨᠡᠮᠡᠭᠳᠡᠵᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120691120188459