蒙古文网站Logo
ᠰᠢᠨᠬᠤᠸᠠ ᠮᠤᠩᠭ᠋ᠤᠯ ᠨᠧᠲ

ᠮᠠᠨᠳᠤᠯ᠎ ᠪᠤᠭᠤᠮᠲᠠ ᠶᠢᠨ ᠲᠠᠳᠠᠪᠤᠷᠢ ᠦᠭᠡᠢ ᠳᠡᠯᠭᠡᠭᠦᠷ ᠠᠵᠢᠯᠯᠠᠵᠤ ᠡᠬᠢᠯᠡᠪᠡ

2016-12-27 17:10

    ᠲᠦᠷᠦᠭᠦᠭᠡᠨ ᠪᠤᠭᠤᠲᠤ ᠬᠤᠲᠠ ᠶᠢᠨ ᠠᠩᠬᠠᠳᠠᠭᠴᠢ ᠬᠢᠯᠢ ᠲᠠᠮᠨᠠᠬᠤ ᠲᠠᠳᠠᠪᠤᠷᠢ ᠦᠭᠡᠢ ᠲᠡᠯᠭᠡᠭᠦᠷ ᠮᠠᠨᠳᠤᠯ᠎ ᠪᠤᠭᠤᠮᠲᠠ ᠳᠤ ᠵᠢᠩᠭᠢᠨᠢ ᠪᠡᠷ ᠠᠵᠢᠯ ᠡᠬᠢᠯᠡᠪᠠ᠂ ᠢᠩᠭᠢᠭᠡᠳ ᠮᠠᠨᠳᠤᠯ᠎ ᠪᠤᠭᠤᠮᠲᠠ ᠲᠠᠳᠠᠪᠤᠷᠢ ᠦᠭᠡᠢ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡ ᠪᠡᠨ ᠡᠬᠢᠯᠡᠭᠦᠯᠵᠠᠢ᠃

    ᠤᠶᠢᠯᠠᠭᠠᠭᠰᠠᠨ ᠢᠶᠡᠷ᠂ ᠮᠠᠨᠳᠤᠯ᠎ ᠪᠤᠭᠤᠮᠲᠠ  ᠨᠢᠳᠤᠨᠤᠨ ᠬᠤᠶᠠᠷ ᠲᠠᠯ᠎ᠠ ᠶᠢᠨ ᠪᠠᠢᠢᠡᠭᠭᠤ ᠨᠡᠭᠡᠭᠡᠯᠲᠡ ᠲᠠᠢ ᠵᠠᠰᠠᠮᠠᠯ ᠵᠠᠮ ᠤᠨ ᠲᠡᠭᠡᠭᠡᠪᠦᠷᠢ ᠶᠢᠨ ᠪᠤᠭᠤᠮᠲᠨ ᠪᠤᠯᠤᠬᠰᠠᠨ ᠪ ᠬᠤᠪᠢ ᠳᠤ ᠪᠤᠭᠤᠲᠤ ᠬᠤᠲᠠ ᠶᠢᠨ ᠠᠵᠤ ᠠᠬᠤᠢ ᠰᠤᠶᠤᠯ ᠤᠨ ᠭᠠᠳᠠᠭᠠᠲᠤ ᠲᠠᠢ ᠬᠠᠷᠢᠯᠴᠠᠬᠤ ᠴᠢᠬᠤᠯᠠ ᠴᠤᠩᠬᠤ ᠪᠤᠯᠵᠠᠢ᠃ ᠦᠨᠦ ᠵᠢᠯ ᠤᠨ ᠲᠦᠷᠦᠭᠦᠦ ᠬᠠᠭᠠᠰ ᠵᠢᠯ ᠳᠤ ᠬᠢᠯᠢ ᠲᠠᠮᠨᠠᠬᠰᠠᠨ ᠵᠢᠭᠤᠯᠴᠢᠳ 4 ᠲᠦᠮᠡ ᠤᠷᠴᠢᠮ ᠪᠤᠯᠵᠦ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 80% ᠪᠡᠷ ᠨᠡᠮᠡᠭᠳᠡᠪᠡ᠃ ᠬᠤᠲᠠ ᠳᠠᠶᠠᠭᠠᠷ ᠤᠨᠴᠠᠭᠠᠶᠢᠯᠠᠨ ᠳᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠤ ᠠᠵᠤ ᠠᠬᠤᠢ᠂ ᠵᠢᠭᠤᠯᠴᠢᠯᠡᠯ ᠵᠡᠷᠭᠡ ᠭᠠᠳᠠᠭᠠᠲᠤ ᠲᠠᠢ ᠬᠠᠷᠢᠯᠴᠠᠬᠤ ᠲᠠᠯ᠎ ᠠ ᠶᠢᠨ ᠲᠠᠰᠤᠷᠠᠯᠲᠠ ᠦᠭᠡᠢ ᠬᠦᠭ᠍ᠵᠢᠯᠲᠠ ᠶᠢ ᠳᠠᠭᠠᠯᠳᠤᠨ᠂ ᠮᠠᠨᠳᠤᠯ᠎ ᠪᠤᠭᠤᠮᠲᠠ ᠪᠡᠷ ᠬᠢᠯᠢ ᠳᠠᠮᠨᠠᠬᠤ ᠬᠦᠮᠦᠰ ᠤᠯᠠᠮ ᠠᠷᠪᠢᠨ ᠪᠤᠯᠵᠠᠢ᠃

    ᠮᠠᠨᠳᠤᠯ᠎ ᠪᠤᠭᠤᠮᠲᠠ ᠶᠢᠨ ᠬᠢᠯᠢ ᠳᠠᠮᠨᠠᠬᠤ ᠲᠠᠳᠠᠪᠤᠷᠢ ᠦᠭᠡᠢ ᠳᠡᠯᠭᠡᠭᠦᠷ ᠨᠢ ᠮᠠᠨᠳᠤᠯ  ᠪᠤᠭᠤᠮᠲᠠ ᠶᠢᠨ ᠬᠢᠯᠢ ᠲᠠᠮᠨᠠᠬᠤ ᠶᠡᠭᠡ ᠲᠢᠩᠬᠢᠮ ᠳᠤ ᠪᠠᠶᠢᠷᠢᠯᠠᠵᠤ᠂ 70 ᠺᠦᠧᠠᠳ᠋ ᠮᠧᠲ᠋ᠷ ᠲᠠᠯᠠᠪᠠᠢ ᠲᠠᠢ᠂ ᠦᠨᠦ ᠵᠢᠯ ᠤᠨ 7 ᠰᠠᠷ ᠠ ᠳᠤ ᠭᠠᠶᠢᠯᠢ ᠶᠢᠨ ᠪᠤᠭᠤᠮᠲᠠ ᠶᠢᠨ ᠶᠡᠷᠦᠩᠬᠡᠢ ᠵᠠᠬᠢᠷᠭ᠎ᠠ  ᠶᠢᠨ ᠵᠦᠪᠰᠢᠶᠡᠷᠡᠯ ᠲᠠᠢ ᠪᠠᠷ ᠪᠠᠶᠢᠭᠤᠯᠤᠬᠳᠠᠪᠠ᠃

    ᠮᠠᠨᠳᠤᠯ᠎ ᠪᠤᠭᠤᠮᠲᠠ ᠶᠢᠨ ᠪᠤᠭᠤᠮᠳᠠ ᠳᠠᠪᠠᠬᠤ ᠲᠠᠳᠠᠪᠤᠷᠢ ᠦᠭᠡᠢ ᠳᠡᠯᠭᠡᠭᠦᠷ ᠤᠨ ᠪᠠᠶᠢᠭᠤᠯᠤᠭᠳᠠᠭᠰᠠᠨ ᠨᠢ ᠮᠠᠨᠳᠤᠯ᠎ ᠪᠤᠭᠤᠮᠲᠠ ᠶᠢᠨ ᠤᠯᠠᠨ ᠤᠯᠤᠰᠴᠢᠯᠠᠭᠰᠠᠨ ᠪᠤᠭᠤᠮᠲᠠ ᠶᠢᠨ ᠦᠢᠯᠡᠴᠢᠯᠡᠭᠡ ᠶᠢᠨ ᠡᠩᠨᠡᠭᠡᠨ ᠳᠤ ᠤᠷᠤᠬᠤ ᠵᠢᠨ ᠴᠢᠬᠤᠯᠠ ᠠᠯᠬᠤᠮ ᠮᠦᠨ᠂ ᠡᠭᠦᠨ ᠤ ᠬᠠᠮᠲᠤ ᠬᠠᠭᠤᠷᠠᠢ ᠵᠠᠮ ᠤᠨ ᠪᠤᠭᠤᠮᠲᠠ ᠶᠢᠨ ᠬᠦᠭ᠍ᠵᠢᠯᠲᠠ ᠶᠢ ᠠᠬᠢᠭᠤᠯᠤᠨ᠂ ᠪᠤᠭᠤᠮᠲᠠ ᠶᠢᠨ ᠢᠵᠢ ᠪᠦᠷᠢᠨ ᠴᠢᠳᠠᠪᠬᠢ ᠶᠢ ᠴᠢᠨᠠᠭᠰᠢᠲᠠ ᠲᠡᠭᠦᠯᠳᠡᠷᠵᠢᠭᠦᠯᠵᠤ ᠬᠢᠯᠢ ᠲᠠᠮᠨᠠᠬᠤ ᠵᠢᠭᠤᠯᠴᠢᠳ ᠤᠨ ᠲᠠᠳᠠᠪᠤᠷᠢ ᠦᠭᠡᠢ  ᠪᠡᠷ ᠪᠠᠷᠠᠭ᠎ᠠ ᠬᠤᠳᠠᠯᠳᠤᠨ ᠠᠪᠬᠤ ᠳᠤ ᠳᠦᠭᠦᠮ ᠦᠵᠡᠭᠦᠯᠬᠦ ᠪᠤᠯᠤᠨ᠎ᠠ᠃ (ᠰᠤᠷᠪᠤᠯᠵᠢᠯᠠᠭᠴᠢ ᠡᠤ ᠵᠢᠶᠠᠨ ᠹᠧᠢ᠂ ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠪᠤᠭᠤᠲᠤ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120691120198813