蒙古文网站Logo
ᠰᠢᠨᠬᠤᠸᠠ ᠮᠤᠩᠭ᠋ᠤᠯ ᠨᠧᠲ

ᠲᠦᠷᠦᠭᠦᠦ 11 ᠰᠠᠷ᠎ ᠠ ᠳᠤ ᠭᠡᠷ ᠬᠦᠷᠦᠩᠭᠡ ᠶᠢᠨ ᠠᠵᠦ ᠠᠬᠤᠶᠢᠯᠠᠯ ᠤᠨ ᠪᠤᠷᠤᠯᠠᠭᠤᠯᠭ᠎ᠠ ᠲᠦᠮᠡᠨ ᠳ᠋ᠦ᠋ᠩᠰᠢᠭᠤᠷ ᠲᠦᠭᠦᠷᠢᠭ᠌ ᠳᠠᠪᠠᠵᠦ ᠳᠠᠬᠢᠨᠲᠠ ᠳᠡᠮᠳᠡᠭᠯᠡᠯ ᠰᠢᠨᠡᠳᠬᠡᠯ᠎ᠡ

2016-12-29 16:22

    ᠡᠨᠡ ᠤᠨ ᠤ ᠲᠦᠷᠦᠭᠦᠦ 11 ᠰᠠᠷ᠎ ᠠ ᠳᠤ ᠮᠠᠨ ᠤ ᠤᠯᠤᠰ ᠤᠨ ᠵᠠᠬ᠎ᠠ ᠳᠤ ᠭᠠᠷᠤᠬᠰᠠᠨ 10 ᠶᠡᠬᠡ ᠭᠡᠷ ᠬᠦᠷᠦᠩᠭᠡ ᠶᠢᠨ ᠠᠵᠦ ᠠᠬᠤᠶᠢᠯᠠᠯ ᠤᠨ ᠪᠤᠷᠤᠯᠠᠭᠤᠯᠭ᠎ᠠ ᠲᠦᠮᠡᠨ ᠳ᠋ᠦ᠋ᠩᠰᠢᠭᠤᠷ ᠲᠦᠭᠦᠷᠢᠭ᠌ ᠳᠠᠪᠠᠵᠦ ᠳᠠᠬᠢᠨᠲᠠ ᠳᠡᠮᠳᠡᠭᠯᠡᠯ ᠰᠢᠨᠡᠳᠬᠡᠯ᠎ᠡ᠃ ᠵᠤᠩᠬᠢᠯᠠᠬᠤ ᠰᠤᠳᠤᠯᠭᠠᠨ ᠤ ᠪᠠᠶᠢᠭᠤᠯᠤᠮᠵᠢ ᠶᠢᠨ ᠨᠡᠶᠢᠲᠡᠯᠡᠭᠰᠡᠨ ᠪᠦᠷᠢᠳᠬᠡᠯ ᠢ ᠦᠨᠳᠦᠰᠦᠯᠡᠪᠡᠯ᠂ ᠡᠨᠡ ᠤᠨ ᠤ ᠲᠦᠷᠦᠭᠦᠦ 11 ᠰᠠᠷ᠎ ᠠ ᠳᠤ ᠵᠠᠬ᠎ᠠ  ᠳᠤ ᠭᠠᠷᠤᠬᠰᠠᠨ 10 ᠭᠡᠷ ᠬᠦᠷᠦᠩᠬᠡ ᠶᠢᠨ ᠲᠦᠷᠦᠭᠦᠯᠡᠬᠦ ᠠᠵᠦ ᠠᠬᠤᠶᠢᠯᠠᠯ ᠤᠨ ᠪᠤᠷᠤᠯᠠᠭᠤᠯᠭ᠎ᠠ 18580.77 ᠳ᠋ᠦ᠋ᠩᠰᠢᠭᠤᠷ ᠲᠦᠭᠦᠷᠢᠭ᠌ ᠬᠦᠷᠴᠦ᠂ ᠦᠩᠭᠡᠷᠡᠭᠰᠡᠨ ᠤᠨ ᠡᠴᠡ 70% ᠪᠡᠷ ᠨᠡᠮᠡᠭᠳᠡᠵᠡᠢ᠃ ᠡᠭᠦᠨ ᠳᠤ ᠳᠤᠮᠳᠠᠳᠤ ᠤᠯᠤᠰ ᠤᠨ ᠾᠧᠩ ᠳ᠋ᠠ ᠪᠦᠯᠦᠭᠯᠡᠯ ᠤᠨ ᠪᠤᠷᠤᠯᠠᠭᠤᠯᠭ᠎ᠠ ᠶᠢᠨ ᠦᠷᠲᠡᠭ 3488.5 ᠳ᠋ᠦ᠋ᠩᠰᠢᠭᠤᠷ ᠲᠦᠭᠦᠷᠢᠭ᠌ ᠬᠦᠷᠴᠦ᠂ ᠸᠠᠨ ᠺᠧ ᠪᠦᠯᠦᠭᠯᠡᠯ ᠢ ᠳᠠᠪᠠᠭᠠᠳ ᠲᠦᠷᠦᠭᠦᠯᠡᠵᠡᠢ᠃ ᠸᠠᠠ ᠺᠧ ᠪᠦᠯᠦᠭᠯᠡᠯ 3413.6 ᠳ᠋ᠦ᠋ᠩᠰᠢᠭᠤᠷ ᠲᠦᠭᠦᠷᠢᠭ᠌ ᠤᠨ ᠪᠦᠲᠦᠮᠵᠢ ᠪᠡᠷ ᠬᠤᠶᠠᠳᠤᠭᠠᠷ ᠲᠤ ᠪᠠᠶᠢᠷᠢᠯᠠᠵᠦ᠂ ᠪᠢ ᠭᠦᠢ ᠶᠤᠸᠠᠨ ᠪᠦᠯᠦᠭᠯᠡᠯ ᠭᠤᠳᠠᠭᠠᠷ ᠲᠤ ᠵᠢᠬᠰᠠᠵᠠᠢ᠃

ᠢᠷᠡᠯᠳᠡ᠄ ᠪᠡᠭᠡᠵᠢᠩ ᠤᠨ ᠦᠷᠯᠦᠭᠡ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120214769