蒙古文网站Logo
ᠰᠢᠨᠬᠤᠸᠠ ᠮᠤᠩᠭ᠋ᠤᠯ ᠨᠧᠲ

ᠴᠢᠶ᠊ᠢᠤ ᠴᠠᠶᠢᠶ᠊ᠢᠤ ᠲᠤᠰᠤᠨ ᠤ ᠦᠨ᠎ᠡ ᠡᠨᠡ ᠤᠨ ᠳᠤ ᠬᠠᠮᠤᠬ ᠤᠨ ᠰᠡᠭᠦᠯ ᠤᠨ ᠤᠳᠠᠭ᠎ᠠ ᠪᠠᠨ ᠦᠰᠦᠯ᠎ᠡ

2016-12-29 16:25

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 28 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠠᠨ ᠪᠧᠢ) ᠤᠳᠤ ᠬᠡᠷᠡᠭᠵᠢᠭᠦᠯᠦᠭᠳᠡᠵᠦ ᠪᠤᠢ ᠪᠤᠯᠪᠠᠰᠤᠷᠠᠭᠤᠯᠤᠬᠰᠠᠨ ᠲᠤᠰᠤᠨ ᠤ ᠦᠨ᠎ᠡ ᠶᠢᠨ ᠪᠦᠷᠢᠯᠳᠦᠯ ᠤᠨ ᠲᠤᠬᠲᠠᠯᠴᠠᠭ᠎ᠠ ᠶᠤᠰᠤᠭᠠᠷ 2016 ᠤᠨ ᠤ 12 ᠰᠠᠷ᠎ᠠ ᠶᠢᠨ 28 ᠤ᠋ ᠡᠳᠦᠷ ᠤᠨ 24᠄ 00 ᠴᠠᠬ ᠡᠴᠡ ᠡᠬᠢᠯᠡᠨ ᠤᠯᠤᠰ ᠤᠨ ᠳᠤᠲᠤᠭᠠᠳᠤ ᠶᠢᠨ ᠴᠢᠶ᠊ᠢᠤ ᠪᠠ ᠴᠠᠶᠢᠶ᠊ᠢᠤ ᠲᠤᠰᠤᠨ ᠤ ᠦᠨ᠎ᠡ ᠵᠢ ᠲᠤᠰᠪᠤᠷᠢ ᠲᠤᠨ ᠪᠦᠷᠢ ᠳᠤ 100 ᠲᠦᠭᠦᠷᠢᠭ᠌ ᠪᠠ 95 ᠲᠦᠭᠦᠷᠢᠭ᠌ ᠦᠰᠭᠡᠬᠦ ᠪᠡᠷ ᠲᠤᠬᠲᠠᠵᠠᠢ ᠬᠡᠮᠡᠨ ᠤᠯᠤᠰ ᠤᠨ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ 28 ᠤ᠋ ᠡᠳᠦᠷ ᠨᠡᠶᠢᠲᠡᠯᠡᠵᠡᠢ᠃

    ᠤᠳᠤᠬᠠᠨ ᠪᠤᠯᠲᠠᠯ᠎ᠠ᠂ ᠡᠨᠡ ᠤᠨ ᠳᠤ ᠴᠢᠶ᠊ᠢᠤ ᠴᠠᠶᠢᠶ᠊ᠢᠤ ᠲᠤᠰᠤᠨ ᠤ ᠦᠨ᠎ᠡ ᠳᠤ ᠨᠡᠶᠢᠲᠡ 25 ᠤᠳᠠᠭ᠎ᠠ ᠲᠤᠬᠢᠷᠠᠭᠤᠯᠤᠯᠲᠠ ᠬᠢᠵᠦ᠂ ᠡᠭᠦᠨ ᠳᠤ 5 ᠤᠳᠠᠭ᠎ᠠ ᠳᠤᠨᠢ ᠪᠠᠭᠤᠷᠠᠵᠦ᠂ 10 ᠤᠳᠠᠭ᠎ᠠ ᠳᠤᠨᠢ ᠦᠰᠦᠨ᠂ 4 ᠤᠳᠠᠭ᠎ᠠ ᠳᠤᠨᠢ ᠲᠤᠬᠢᠷᠠᠭᠤᠯᠤᠯᠲᠠ ᠶᠢᠨ ᠦᠨ᠎ᠡ ᠲᠤᠨ ᠪᠦᠷᠢ 50 ᠲᠦᠭᠦᠷᠢᠭ᠌ ᠬᠦᠷᠬᠦ ᠦᠭᠡᠢ ᠡᠴᠡ ᠪᠤᠯᠵᠦ ᠬᠤᠶᠢᠰᠢᠯᠠᠭᠤᠯᠵᠦ᠂ 6 ᠤᠳᠠᠭ᠎ᠠ ᠤᠯᠠᠨ ᠤᠯᠤᠰ ᠤᠨ ᠲᠤᠰᠤᠨ ᠤ ᠦᠨ᠎ᠡ ᠰᠠᠭᠤᠯᠭ᠎ᠠ ᠪᠦᠷᠢ ᠳᠤ 40 ᠳ᠋᠋ᠤᠯᠯᠠᠷ ᠬᠦᠷᠬᠦ ᠦᠭᠡᠢ ᠡᠴᠡ ᠪᠤᠯᠵᠦ ᠲᠤᠬᠢᠷᠠᠭᠤᠯᠤᠯᠲᠠ ᠬᠢᠭ᠍ᠰᠡᠨ ᠦᠭᠡᠢ᠃ ᠡᠨᠡ ᠤᠨ ᠤ ᠲᠤᠳᠤᠷ᠎ᠠ ᠴᠢᠶ᠊ᠢᠤ ᠴᠠᠶᠢᠶ᠊ᠢᠤ ᠲᠤᠰᠤᠨ ᠤ ᠦᠨ᠎ᠡ ᠲᠤᠰᠪᠤᠷᠢ ᠲᠤᠨ ᠪᠦᠷᠢ ᠳᠤ ᠨᠡᠶᠢᠲᠡ 1015 ᠲᠦᠭᠦᠷᠢᠭ᠌ ᠪᠠ 957 ᠲᠦᠭᠦᠷᠢᠭ᠌ ᠦᠰᠴᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120214790