蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠨᠡᠭᠦᠷᠡᠰᠦᠨ ᠤ ᠦᠨ᠎ᠡ ᠪᠠᠭᠤᠷᠠᠬᠤ ᠬᠠᠨᠳᠤᠰᠢ ᠲᠠᠢ

2017-01-03 17:19

    ᠰᠢᠨᠬᠤᠸᠠ ᠬᠤᠷᠢᠶ᠎ᠠ  ᠬᠦᠬᠡᠬᠤᠲᠠ ᠶᠢᠨ 1 ᠰᠠᠷ᠎ᠠ ᠶᠢᠨ 1 ᠤ᠋ ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠳ᠋ᠦ᠋ᠩ ᠯᠦ) ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠤᠨ ᠦᠨ᠎ᠡ ᠵᠢ ᠬᠢᠨᠠᠨ ᠰᠢᠯᠭᠠᠬᠤ ᠲᠦᠪ ᠤᠨ ᠬᠠᠮᠤᠬ ᠤᠨ ᠰᠢᠨ᠎ᠡ ᠳ᠋ᠠᠶᠢᠲ᠋ᠠ ᠡᠴᠡ ᠲᠤᠳᠤᠷᠠᠭᠤᠯᠪᠠᠯ᠂ 2016 ᠤᠨ ᠤ 12 ᠰᠠᠷ᠎ᠠ ᠳᠤ ᠦᠪᠦᠷ ᠮᠤᠨᠭᠭᠤᠯ ᠤᠨ ᠨᠡᠭᠦᠷᠡᠰᠦᠨ ᠤ ᠭᠤᠤᠯ ᠤᠯᠪᠤᠷᠢᠯᠲᠠ ᠶᠢᠨ ᠭᠠᠵᠠᠷ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠬᠤ ᠳᠤᠮᠳᠠᠴᠢ ᠲᠤᠭᠠᠴᠠᠭᠠᠯᠠᠬᠰᠠᠨ ᠦᠨ᠎ᠡ ᠲᠤᠨ ᠪᠦᠷᠢ ᠳᠤ 200.85 ᠲᠦᠭᠦᠷᠢᠭ᠌ ᠪᠠᠶᠢᠵᠦ᠂ ᠦᠩᠭᠡᠷᠡᠭᠰᠡᠨ ᠡᠭᠡᠯᠵᠢ ᠡᠴᠡ0.07% ᠪᠡᠷ ᠨᠡᠮᠡᠭᠳᠡᠨ᠂ ᠦᠰᠦᠯᠲᠡ ᠨᠢ 8.99 ᠵᠠᠭᠤᠨ ᠤ ᠨᠢᠭᠡᠴᠢ ᠪᠠᠭᠤᠷᠠᠬᠰᠠᠨ ᠪᠠᠶᠢᠨ᠎ᠠ᠃ ᠭᠤᠷᠪᠠᠨ ᠠᠷᠪᠠ ᠬᠤᠨᠤᠬ ᠲᠤ ᠬᠤᠪᠢᠶᠠᠷᠢᠯᠠᠨ ᠠᠳᠠᠯᠢᠳᠬᠠᠪᠠᠯ᠂ ᠦᠰᠦᠯᠲᠡ ᠨᠢ ᠦᠩᠭᠡᠷᠡᠭᠰᠡᠨ ᠡᠭᠡᠯᠵᠢ ᠡᠴᠡ ᠪᠠᠨ ᠲᠤᠰᠪᠤᠷᠢ 1.40%、-2.80%、-1.54% ᠪᠡᠷ ᠨᠡᠮᠡᠭᠳᠡᠵᠦ᠂ 12 ᠰᠠᠷ᠎ᠠ ᠶᠢᠨ ᠳᠤᠮᠳᠠᠴᠢ ᠡᠴᠡ ᠬᠤᠶᠢᠰᠢ ᠨᠡᠭᠦᠷᠡᠰᠦᠨ ᠤ ᠦᠨ᠎ᠡ ᠪᠠᠭᠤᠷᠠᠬᠤ ᠬᠠᠨᠳᠤᠰᠢ ᠢᠯᠡᠷᠡᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120238517