蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠰᠢᠬᠢᠷ ᠦᠢᠯᠡᠳᠬᠦ ᠠᠵᠢᠯ ᠲᠦᠷᠦᠯ  61 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠪᠦᠳᠦᠮᠵᠢ ᠡᠭᠦᠳᠪᠡ

2017-01-05 17:04

    2016 ᠤᠨ ᠳᠤ ᠦᠪᠦᠷ ᠮᠣᠩᠭᠣᠯ ᠤᠨ ᠦᠪᠡᠲᠡᠭᠡᠨ ᠵᠠᠰᠠᠬᠤ ᠤᠷᠤᠨ ᠨᠡᠶᠢᠲᠡ 300 ᠲᠦᠮᠡᠨ ᠲᠤᠨ ᠰᠢᠬᠢᠷ ᠤᠨ ᠮᠠᠨᠵᠢᠨ ᠬᠤᠳᠠᠯᠳᠤᠨ ᠠᠪᠴᠤ᠂ ᠤᠷᠢᠳᠴᠢᠯᠡᠨ ᠲᠤᠭᠠᠴᠠᠯᠠᠭᠰᠠᠨ ᠢᠶᠡᠷ 35 ᠲᠦᠮᠡᠨ ᠲᠤᠨ ᠢᠳᠡᠭᠡᠨ ᠤ ᠰᠢᠬᠢᠷ ᠦᠢᠯᠡᠳᠪᠦᠷᠢᠯᠡᠨ᠎ᠡ᠂ ᠡᠨᠡ ᠨᠢ ᠡᠮᠦᠨ᠎ᠡ ᠦᠢᠯᠡᠳᠪᠦᠷᠢ ᠶᠢᠨ ᠬᠤᠭᠤᠴᠠᠭᠠᠨ ᠡᠴᠡ ᠲᠤᠰ ᠪᠦᠷᠢ 88 ᠲᠦᠮᠡᠨ ᠲᠤᠨ ᠪᠤᠯᠤᠨ 6.6 ᠲᠦᠮᠡᠨ ᠲᠤᠨ ᠨᠡᠮᠡᠭᠳᠡᠵᠤ᠂ 2010 ᠤᠨ ᠤ ᠬᠢ ᠡᠴᠡ 3.1 ᠪᠤᠯᠤᠨ 3.3 ᠲᠡᠬᠢᠨ ᠳᠤ ᠬᠦᠷᠴᠤ᠂ ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠰᠢᠬᠢᠷ ᠦᠢᠯᠡᠳᠬᠦ ᠠᠵᠢᠯ ᠲᠦᠷᠦᠯ ᠤᠨ 61 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠪᠦᠳᠦᠮᠵᠢ ᠶᠢ ᠡᠭᠦᠳᠴᠠᠢ᠃

    ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠬᠢᠷ ᠤᠨ ᠠᠵᠢᠯ ᠲᠦᠷᠦᠯ ᠡᠶᠢᠮᠦᠷᠬᠦᠦ ᠠᠮᠵᠢᠯᠲᠠ ᠤᠯᠤᠭᠰᠠᠨ ᠨᠢ ᠭᠤᠤᠯᠳᠠᠭᠤ ᠳᠤᠤᠷᠠᠬᠢ ᠮᠡᠳᠤ ᠭᠡᠳᠤᠨ ᠲᠠᠯ᠎ᠠ  ᠢᠢᠨ ᠰᠢᠯᠳᠠᠭᠠᠨ ᠡᠴᠡ ᠪᠤᠯᠵᠠᠢ᠄ ᠠᠵᠤ ᠠᠬᠤᠶᠢᠯᠠᠯ ᠨᠢ ᠰᠢᠬᠢᠷ ᠤᠨ ᠮᠠᠨᠵᠢᠨ ᠰᠠᠢᠢᠨ ᠤᠷᠭᠤᠳᠠᠭ ᠪᠡ ᠰᠢᠬᠢᠷ ᠬᠤᠷᠠᠮᠳᠤᠬᠤ ᠳ᠋ᠦ ᠲᠤᠬᠢᠷᠠᠬᠰᠠᠨ ᠪᠦᠰᠡ ᠨᠤᠲᠤᠭ ᠲᠤ ᠲᠦᠪᠯᠡᠷᠡᠵᠤ᠂ ᠪᠠᠢᠢᠷᠢᠰᠢᠯᠳᠠ ᠨᠢ ᠵᠤᠬᠢᠰᠲᠠᠢ ᠡᠴᠡ ᠪᠤᠯᠤᠬᠰᠠᠨ; ᠰᠢᠬᠢᠷ ᠤᠨ ᠮᠠᠨᠵᠢᠨ ᠤ ᠨᠢᠭᠡᠴᠢ ᠶᠢᠨ ᠤᠨᠠᠯᠳᠠ᠂ ᠰᠢᠬᠢᠷ ᠤᠨ ᠠᠭᠤᠯᠤᠭᠳᠠᠴᠠ ᠲᠤᠬᠳᠠᠭᠤᠨ ᠢᠶᠡᠷ ᠨᠡᠮᠡᠭᠳᠡᠭᠰᠡᠨ ᠵᠡᠷᠭᠡ᠃ 《13᠍・5》ᠬᠦᠭ᠍ᠵᠢᠯᠲᠡ ᠶᠢᠨ ᠲᠦᠰᠦᠯ ᠤᠨ ᠬᠤᠭᠤᠴᠠᠭᠠᠨ ᠳᠤ᠂ ᠦᠪᠦᠷ ᠮᠣᠩᠭᠣᠯ ᠤᠨ ᠰᠢᠬᠢᠷ ᠤᠨ ᠮᠠᠨᠵᠢᠨ ᠤ ᠨᠢᠭᠡᠴᠢ ᠶᠢᠨ ᠤᠨᠠᠯᠳᠠ ᠳᠤᠮᠳᠠᠴᠢ ᠪᠡᠷ ᠮᠦ ᠪᠦᠷᠢ ᠳᠤ 2.2 ᠲᠤᠨ ᠪᠠᠶᠢᠭᠰᠠᠨ ᠡᠴᠡ ᠮᠦ ᠪᠦᠷᠢ ᠳᠤ 3 ᠲᠤᠨ ᠡᠴᠡ ᠢᠯᠡᠭᠦᠦ ᠪᠤᠯᠵᠠᠢ᠂ ᠰᠢᠬᠢᠷ ᠤᠨ ᠠᠭᠤᠯᠤᠭᠳᠠᠴᠠ ᠨᠢ ᠲᠤᠷᠰᠢ16% ᠡᠴᠡ ᠲᠡᠭᠡᠭ᠍ᠰᠢ ᠪᠠᠶᠢᠵᠤ᠂ ᠤᠯᠤᠰ ᠳᠠᠶᠠᠭᠠᠷ ᠲᠦ ᠪᠡᠨ ᠲᠡᠷᠢᠭᠦᠯᠡᠵᠦ ᠪᠤᠢ᠃ ᠲᠠᠷᠢᠶᠠᠯᠠᠩ ᠠᠵᠤ ᠠᠬᠤᠶᠢᠯᠠᠯ ᠲᠤᠭᠲᠠᠭᠤᠨ᠂ ᠬᠠᠮᠳᠤ ᠪᠠᠷ ᠠᠰᠢᠭ ᠬᠦᠷᠳᠡᠬᠦ ᠲᠤᠭᠲᠠᠯᠴᠠᠭ᠎ᠠ  ᠪᠠᠶᠢᠭᠤᠯᠵᠡᠢ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠯ᠎ᠠ ᠰᠢᠬᠢᠷ ᠦᠢᠯᠡᠳᠬᠦ ᠠᠵᠤ ᠠᠬᠤᠶᠢᠯᠠᠯ ᠡᠴᠡ ᠲᠠᠷᠢᠶᠠᠴᠢᠳ ᠲᠤ ᠲᠠᠷᠢᠶᠠᠨ ᠦᠷ᠎ᠡ᠂ ᠲᠠᠷᠢᠶᠡᠨ ᠡᠮ᠂ ᠬᠢᠮᠢ ᠶᠢᠨ ᠪᠤᠷᠳᠤᠭᠤᠷ᠂ ᠵᠤᠯᠤᠮ᠎ᠠ ᠪᠦᠷᠬᠦᠪᠴᠢ᠂ ᠴᠠᠭᠠᠰᠤᠨ ᠰᠠᠪᠠ ᠵᠡᠷᠭᠡ ᠦᠢᠯᠡᠳᠪᠦᠷᠢᠯᠡᠯ ᠤᠨ ᠭᠡᠷᠡᠭᠰᠡᠯ ᠢ ᠵᠢᠭᠡᠯᠡᠯᠭᠡ ᠪᠡᠷ ᠪᠤᠷᠤᠯᠠᠭᠤᠯᠵᠤ᠂ 100 ᠮᠦ ᠡᠴᠡ ᠢᠯᠡᠭᠦᠦ ᠲᠠᠷᠢᠭᠰᠠᠨ ᠲᠠᠷᠢᠶᠠᠴᠢᠳ ᠲᠤ ᠨᠦᠬᠦᠪᠦᠷᠢ ᠤᠯᠭᠤᠬᠤ᠂ ᠰᠢᠬᠢᠷ ᠤᠨ ᠮᠠᠨᠵᠢᠨ ᠢ ᠬᠤᠳᠠᠯᠳᠤᠨ ᠠᠪᠬᠤ ᠦᠨ᠎ᠡ ᠶᠢ ᠲᠤᠭᠲᠠᠭᠤᠨ ᠪᠤᠯᠭᠠᠬᠤ ᠵᠡᠷᠭᠡ ᠠᠷᠭ᠎ᠠ ᠬᠡᠮᠵᠢᠶ᠎ᠠ ᠠᠪᠤᠭᠰᠠᠨ ᠡᠴᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠬᠢᠷ ᠤᠨ ᠮᠠᠨᠵᠢᠨ ᠲᠠᠷᠢᠬᠤ ᠲᠤᠮᠤ ᠡᠷᠦᠬᠡ ᠵᠢᠯ ᠳᠠᠷᠠᠭᠠᠯᠠᠨ ᠨᠡᠮᠡᠭᠳᠡᠵᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120252957