蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ᠄ 2016 ᠤᠨ ᠳᠤ ᠠᠵᠦ ᠠᠬᠤᠶᠢᠯᠠᠯ ᠤᠨ ᠭᠠᠶᠢᠯᠢ ᠵᠢ ᠬᠠᠰᠤᠵᠦ ᠲᠦᠯᠦᠪᠦᠷᠢ ᠵᠢ ᠬᠦᠩᠬᠡᠯᠡᠭ᠍ᠰᠡᠨ ᠬᠡᠮᠵᠢᠶ᠎ᠡ ᠪᠠᠷᠤᠬ 630 ᠳ᠋ᠦ᠋ᠩᠰᠢᠭᠤᠷ ᠲᠦᠭᠦᠷᠢᠭ᠌ ᠬᠦᠷᠪᠡ

2017-01-09 16:48

    1 ᠰᠠᠷ᠎ᠠ ᠶᠢᠨ 5 ᠤ᠋ ᠡᠳᠦᠷ᠂ ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠡᠴᠡ ᠤᠶᠢᠯᠠᠭᠠᠬᠰᠠᠨ ᠢᠶᠡᠷ᠂ ᠤᠷᠢᠳᠴᠢᠯᠠᠨ ᠲᠤᠭᠠᠴᠠᠭᠠᠯᠠᠬᠰᠠᠨ ᠢ ᠦᠨᠳᠦᠰᠦᠯᠡᠪᠡᠯ 2016 ᠤᠨ ᠳᠤ ᠦᠪᠦᠷ ᠮᠤᠨᠭᠭᠤᠯ ᠠᠵᠦ ᠠᠬᠤᠶᠢᠯᠠᠯ ᠤᠨ ᠭᠠᠶᠢᠯᠢ ᠵᠢ ᠬᠠᠰᠤᠵᠦ ᠲᠦᠯᠦᠪᠦᠷᠢ ᠶᠢ ᠬᠦᠩᠬᠡᠯᠡᠭ᠍ᠰᠡᠨ ᠬᠡᠮᠵᠢᠶ᠎ᠡ ᠪᠠᠷᠤᠬ 630 ᠳ᠋ᠦ᠋ᠩᠰᠢᠭᠤᠷ ᠲᠦᠭᠦᠷᠢᠭ᠌ ᠬᠦᠷᠴᠡᠢ᠃

    2016 ᠤᠨ ᠡᠴᠡ ᠨᠠᠭᠠᠰᠢ ᠦᠪᠦᠷ ᠮᠤᠨᠭᠭᠤᠯ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ᠌ ᠮᠠᠲ᠋ᠸᠷᠢᠶᠠᠯ ᠤᠳ ᠢ ᠬᠡᠳᠦᠨᠳᠡ ᠨᠡᠶᠢᠲᠡᠯᠡᠵᠦ᠂ ᠤᠯᠠᠨ ᠵᠦᠢᠯ ᠤᠨ ᠠᠷᠭ᠎ᠠ ᠪᠡᠷ ᠠᠵᠦ ᠠᠬᠤᠶᠢᠯᠠᠯ ᠤᠨ ᠭᠠᠶᠢᠯᠢ ᠵᠢ ᠬᠠᠰᠤᠵᠦ ᠲᠦᠯᠦᠪᠦᠷᠢ ᠵᠢ ᠬᠦᠩᠭᠡᠯᠡᠵᠡᠢ᠃ ᠡᠭᠦᠨ ᠡᠴᠡ ᠭᠠᠳᠠᠨ᠎ᠠ 《ᠲᠠᠪᠤᠨ ᠭᠡᠷᠡᠴᠢ ᠵᠢ ᠨᠢᠭᠡᠳᠦᠯᠵᠢᠭᠦᠯᠬᠦ᠂ ᠨᠢᠭᠡ ᠦᠨᠡᠮᠯᠡᠬᠦ ᠨᠢᠭᠡ ᠳ᠋ᠤᠭᠠᠷ》᠂ ᠬᠤᠪᠢ ᠶᠢᠨ ᠬᠤᠳᠠᠯᠳᠤᠭ᠎ᠠ ᠶᠢᠨ 《ᠬᠤᠶᠠᠷ ᠭᠡᠷᠡᠴᠢ ᠵᠢ ᠨᠡᠶᠢᠯᠡᠭᠦᠯᠬᠦ》 ᠵᠡᠷᠭᠡ ᠦᠭᠡᠷᠡᠴᠢᠯᠡᠯᠲᠡ ᠶᠢᠨ ᠠᠵᠢᠯ ᠢ ᠪᠦᠬᠦᠨ ᠢᠶᠡᠷ ᠢᠶᠡᠨ ᠨᠢ ᠲᠤᠤᠱᠯᠠᠭᠤᠯᠵᠦ᠂ ᠦᠢᠯᠡᠳᠪᠦᠷᠢ ᠬᠤᠳᠠᠯᠳᠤᠭᠠᠨ ᠤ ᠲᠦᠯᠦᠪᠦᠷᠢ ᠦᠭᠡᠢ ᠪᠦᠷᠢᠳᠬᠡᠭᠦᠯᠬᠦ ᠵᠢ ᠪᠡᠶᠡᠯᠡᠭᠦᠯᠤᠨ᠂ ᠠᠵᠦ ᠠᠬᠤᠶᠢᠯᠠᠯ ᠳᠤ ᠮᠠᠰᠢ ᠳᠦᠭᠦᠮ ᠨᠦᠬᠦᠴᠡᠯ ᠪᠦᠷᠢᠯᠳᠦᠭᠦᠯᠤᠨ ᠦᠭᠴᠦ᠂ ᠦᠢᠯᠡᠰ ᠡᠷᠬᠢᠯᠡᠬᠦ ᠦᠪᠡᠷ ᠤᠨ ᠦᠷᠲᠡᠭ ᠢ ᠨᠢ ᠪᠠᠭᠤᠷᠠᠭᠤᠯᠵᠠᠢ᠃ ( ᠰᠤᠷᠪᠤᠯᠵᠢᠯᠠᠬᠴᠢ ᠭᠦᠧᠧ ᠯᠢ ᠨᠠ)

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120274478