蒙古文网站Logo
ᠰᠢᠨᠬᠤᠸᠠ ᠮᠤᠩᠭ᠋ᠤᠯ ᠨᠧᠲ

ᠴᠢᠶ᠊ᠢᠤ ᠴᠠᠶᠢᠶ᠊ᠢᠤ ᠶᠢᠨ ᠦᠨ᠎ᠡ ᠪᠠᠰᠠ ᠦᠰᠦᠯ᠎ᠡ

2017-01-13 14:48

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠴᠧᠨ ᠸᠧᠢ ᠸᠧᠢ᠂ ᠠᠨ ᠪᠧᠢ) ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ 12 ᠤᠨ ᠡᠳᠦᠷ ᠢᠯᠡᠷᠬᠡᠶᠢᠯᠡᠯᠳᠡ ᠨᠡᠶᠢᠳᠡᠯᠡᠬᠦ ᠳ᠋ᠡᠬᠡᠨ᠂ ᠤᠶᠢᠷ᠎ᠠ ᠶᠢᠨ ᠬᠤᠭᠤᠴᠠᠭᠠᠨ ᠤ ᠤᠯᠠᠨ ᠤᠯᠤᠰ ᠤᠨ ᠵᠠᠬ᠎ᠠ ᠵᠡᠬᠡᠯᠢ ᠶᠢᠨ ᠳᠤᠰᠤᠨ ᠤ ᠦᠨ᠎ᠡ ᠶᠢᠨ ᠬᠤᠪᠢᠷᠠᠯᠳᠠ ᠳᠤ ᠦᠨᠳᠦᠰᠦᠯᠡᠨ᠂ ᠮᠦᠨ ᠤᠳᠤᠬᠠᠨ ᠤ ᠪᠡᠯᠡᠨ ᠳᠤᠰᠤᠨ ᠤ ᠦᠨ᠎ᠡ ᠶᠢᠨ ᠳᠤᠭᠳᠠᠯᠴᠠᠭ᠎ᠠ ᠶᠤᠰᠤᠭᠠᠷ 2017 ᠤᠨ ᠤ 1 ᠰᠠᠷ᠎ᠠ ᠶᠢᠨ 12 ᠤᠨ ᠡᠳᠦᠷ ᠤᠨ 24᠄00 ᠴᠠᠭ ᠡᠴᠡ ᠡᠬᠢᠯᠡᠨ ᠤᠯᠤᠰ ᠤᠨ ᠳᠤᠳᠤᠭᠠᠳᠤ ᠶᠢᠨ ᠴᠢᠶ᠊ᠢᠤ ᠴᠠᠶᠢᠶ᠊ᠢᠤ ᠶᠢᠨ ᠦᠨ᠎ᠡ ᠶᠢ ᠲᠤᠨ ᠪᠦᠷᠢ ᠳᠤ ᠳᠤᠮᠳᠠᠴᠢ ᠪᠡᠷ 70 ᠳᠦᠬᠦᠷᠢᠭ ᠦᠰᠬᠡᠬᠦ ᠪᠡᠷ ᠪᠤᠯᠤᠭᠰᠠᠨ ᠬᠡᠵᠡᠢ᠃ ᠡᠨᠡ ᠨᠢ ᠮᠠᠨ ᠤ ᠤᠯᠤᠰ ᠤᠨ ᠤᠨ ᠭᠠᠷᠤᠭᠰᠠᠨ ᠤ ᠳᠠᠷᠠᠭᠠᠬᠢ ᠴᠢᠶ᠊ᠢᠤ ᠴᠠᠶᠢᠶ᠊ᠢᠤ ᠶᠢᠨ ᠦᠨ᠎ᠡ ᠳᠤ ᠬᠢᠭᠰᠡᠨ ᠠᠩᠬᠠᠨ ᠤ ᠳᠤᠬᠢᠷᠠᠭᠤᠯᠤᠯᠳᠠ ᠪᠤᠯᠬᠤ ᠶᠤᠮ᠃

    ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠡᠴᠡ ᠳᠤᠮᠳᠠᠳᠤ ᠤᠯᠤᠰ ᠤᠨ ᠴᠢᠯᠠᠭᠤᠨ ᠳᠤᠰᠤ ᠪᠠᠶᠢᠭᠠᠯᠢ ᠶᠢᠨ ᠰᠢᠳᠠᠮᠠᠬᠠᠢ ᠬᠡᠢ᠂ ᠳᠤᠮᠳᠠᠳᠤ ᠤᠯᠤᠰ ᠤᠨ ᠴᠢᠯᠠᠭᠤᠨ ᠳᠤᠰᠤ ᠬᠢᠮᠢ ᠶᠢᠨ ᠠᠵᠤ ᠦᠢᠯᠡᠳᠪᠦᠷᠢ᠂ ᠳᠤᠮᠳᠠᠳᠤ ᠤᠯᠤᠰ ᠤᠨ ᠳᠠᠯᠠᠢ ᠶᠢᠨ ᠴᠢᠯᠠᠭᠤᠨ ᠳᠤᠰᠤ ᠵᠡᠷᠬᠡ ᠭᠤᠷᠪᠠᠨ ᠳᠤᠮᠤ ᠪᠦᠯᠦᠭᠯᠡᠯ ᠺᠤᠮᠫᠠᠨᠢ ᠪᠡᠯᠡᠨ ᠳᠤᠰᠤᠨ ᠤ ᠦᠢᠯᠡᠳᠪᠦᠷᠢᠯᠡᠯ ᠬᠢᠬᠡᠳ ᠳᠡᠬᠡᠬᠡᠪᠦᠷᠢ ᠶᠢᠨ ᠠᠵᠢᠯ ᠬᠡᠷᠡᠭ ᠢᠶᠡᠨ ᠰᠠᠶᠢᠨ ᠵᠤᠬᠢᠴᠠᠭᠤᠯᠵᠤ᠂ ᠵᠠᠬ᠎ᠠ ᠵᠡᠬᠡᠯᠢ ᠶᠢᠨ ᠬᠡᠷᠡᠭᠴᠡᠬᠡ ᠱᠠᠭᠠᠷᠳᠠᠯᠭ᠎ᠠ ᠶᠢ ᠳᠤᠭᠳᠠᠪᠤᠷᠢᠳᠠᠢ ᠬᠠᠩᠭᠠᠨ᠂ ᠤᠯᠤᠰ ᠡᠴᠡ ᠳᠤᠭᠳᠠᠭᠠᠭᠰᠠᠨ ᠦᠨ᠎ᠡ ᠬᠠᠩᠰᠢ ᠶᠢᠨ ᠳᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠬᠦ ᠬᠡᠷᠡᠭᠳᠡᠢ ᠬᠡᠵᠤ ᠱᠠᠭᠠᠷᠳᠠᠵᠠᠢ᠃ ᠬᠡᠷᠪᠡ ᠬᠠᠤᠯᠢ ᠪᠤᠰᠤ ᠠᠰᠠᠭᠤᠳᠠᠯ ᠲᠠᠢ ᠪᠤᠯ ᠬᠡᠷᠡᠭᠯᠡᠭᠴᠢᠳ 12358 ᠬᠡᠬᠦ ᠤᠳᠠᠰᠤ ᠪᠡᠷ ᠬᠤᠯᠪᠤᠭᠳᠠᠨ ᠭᠤᠮᠤᠳᠠᠯ ᠳᠤᠭᠠᠴᠢᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120305703