蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠡᠭᠦᠷᠡᠰᠦᠨ ᠤ ᠦᠨ᠎ᠠ 4 ᠵᠢᠯ ᠳᠤ ᠪᠠᠭᠤᠷᠠᠯᠲᠠ ᠲᠠᠢ ᠪᠠᠶᠢᠭᠰᠠᠨ ᠡᠴᠡ ᠲᠦᠷᠭᠡᠨ ᠦᠰᠪᠠ

2017-01-16 17:00

    ᠰᠢᠨᠬᠤᠧᠠ ᠬᠤᠷᠢᠶ᠎ᠠ ᠬᠦᠬᠡᠬᠤᠲᠠ ᠶᠢᠨ 1 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠦᠩ ᠯᠦ) ᠰᠤᠷᠪᠤᠯᠵᠢᠯᠠᠭᠴᠢ ᠦᠪᠦᠷ ᠮᠣᠩᠭᠣᠯ ᠤᠨ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠨᠡᠭᠦᠷᠡᠰᠦᠨ ᠤ ᠠᠵᠤ ᠦᠢᠯᠡᠰ4 ᠵᠢᠯ ᠤᠨ ᠪᠠᠭᠤᠷᠠᠯᠲᠠ ᠶᠢ ᠦᠩᠭᠡᠷᠭᠡᠵᠤ᠂ ᠦᠨ᠎ᠡ ᠬᠠᠩᠰᠢ ᠬᠠᠮᠤᠭ ᠤᠨ ᠲᠤᠤᠷ᠎ᠠ ᠲᠦᠪᠰᠢᠨ ᠳᠤ ᠪᠡᠨ ᠬᠦᠷᠴᠦ ᠳᠡᠬᠢᠨ ᠦᠰᠪᠡ᠃ 2016 ᠤᠨ ᠳᠤ ᠤᠷᠤᠨ ᠳᠠᠶᠠᠭᠠᠷ ᠤᠨ ᠰᠢᠲᠠᠭᠠᠯᠭ᠎ᠠ ᠶᠢᠨ ᠨᠡᠭᠦᠷᠠᠰᠦᠨ ᠤ ᠠᠭᠤᠷᠬᠠᠢ ᠡᠴᠡ ᠭᠠᠷᠭᠠᠭᠰᠠᠨ ᠦᠨ᠎ᠡ ᠨᠢ ᠳᠤᠮᠳᠠᠴᠢ ᠪᠡᠷ ᠲᠤᠨ ᠪᠦᠷᠢ ᠳᠤ ᠪᠡᠨ 148.95 ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 14.22% ᠢᠶᠡᠷ ᠨᠡᠮᠡᠭᠳᠡᠪᠡ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠨᠢᠳᠤᠨᠤᠨ ᠤ 1 ᠰᠠᠷ᠎ᠠ ᠡᠴᠡ 4 ᠰᠠᠷ᠎ᠠ ᠪᠤᠯᠲᠠᠯ᠎ᠠ ᠬᠡᠷᠡᠭᠴᠡᠭᠡᠨ ᠤ ᠱᠠᠭᠠᠷᠳᠠᠯᠭ᠎ᠠ ᠪᠠᠭ᠎ᠠ ᠵᠢᠴᠢ ᠴᠠᠭᠠᠨ ᠰᠠᠷ᠎ᠠ ᠶᠢᠨ ᠠᠮᠠᠷᠠᠯᠲᠠ ᠵᠡᠷᠭᠡ ᠰᠢᠯᠲᠠᠭᠠᠨ ᠡᠴᠡ ᠪᠤᠯᠵᠤ ᠦᠪᠦᠷ ᠮᠣᠩᠭᠣᠯ ᠤᠨ ᠨᠡᠭᠦᠷᠡᠰᠦᠨ ᠤᠨ ᠦᠨ᠎ᠡ ᠦᠨᠳᠦᠰᠦᠨ ᠳᠤ ᠪᠡᠨ ᠦᠷᠭᠦᠯᠵᠢᠯᠡᠨ ᠪᠠᠭᠤᠷᠠᠯᠳᠠ ᠶᠢᠨ ᠬᠠᠨᠳᠤᠰᠢ ᠲᠠᠢ ᠪᠠᠶᠢᠪᠠ᠃ ᠦᠢᠯᠡᠳᠪᠦᠷᠢᠯᠡᠯ ᠤᠨ ᠴᠢᠳᠠᠪᠬᠢ ᠶᠢ ᠪᠠᠭᠤᠷᠠᠭᠤᠯᠬᠤ ᠰᠢᠷᠢᠰ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠡᠴᠡ ᠤᠯᠤᠰ ᠳᠠᠶᠠᠭᠠᠷ ᠤᠨ ᠨᠡᠭᠦᠷᠡᠰᠦᠨ ᠤ ᠭᠠᠷᠤᠯᠲᠠ ᠶᠡᠬᠡ ᠬᠡᠮᠵᠢᠶ᠎ᠠ ᠪᠡᠷ ᠪᠠᠭᠤᠷᠠᠪᠠ᠂ ᠡᠭᠦᠨ ᠤ ᠬᠠᠮᠲᠤ ᠡᠯ᠎ᠠ ᠭᠤᠬᠴᠤᠭᠠᠨ ᠳᠡᠬᠢ ᠬᠠᠳᠠᠭᠠᠯᠠᠭᠳᠠᠴᠠ ᠨᠢ ᠬᠠᠷᠢᠴᠠᠩᠭ᠋ᠤᠢ ᠪᠠᠭ᠎ᠠ᠂ ᠱᠠᠲᠤ ᠦᠶᠠᠴᠢ ᠴᠢᠨᠠᠷᠲᠠᠢ ᠱᠠᠭᠠᠷᠳᠠᠯᠭ᠎ᠠ ᠵᠡᠷᠭᠡ ᠰᠢᠯᠲᠠᠭᠠ ᠡᠴᠡ ᠪᠤᠯᠵᠤ ᠨᠡᠭᠦᠷᠡᠰᠦᠨ ᠤ ᠦᠨ᠎ᠡ ᠦᠷᠭᠦᠯᠵᠢᠯᠡᠡ ᠲᠦᠷᠭᠡᠨ ᠦᠰᠪᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120322132