蒙古文网站Logo
ᠰᠢᠨᠬᠤᠸᠠ ᠮᠤᠩᠭ᠋ᠤᠯ ᠨᠧᠲ

ᠴᠠᠭᠠᠨ ᠰᠠᠷ᠎ ᠠ ᠶᠢᠨ ᠬᠤᠭᠤᠴᠠᠭᠠᠨ ᠳᠡᠬᠢ ᠤᠯᠤᠰ ᠳᠠᠶᠠᠭᠠᠷ ᠤᠨ ᠵᠢᠵᠢᠭᠯᠡᠨ ᠪᠤᠷᠤᠯᠠᠭᠤᠯᠤᠬᠰᠠᠨ ᠪᠠ ᠬᠤᠭᠤᠯᠠ ᠤᠮᠳᠠ ᠶᠢᠨ ᠠᠵᠦ ᠠᠬᠤᠶᠢᠯᠠᠯ ᠤᠨ ᠪᠤᠷᠤᠯᠠᠭᠤᠯᠤᠬᠰᠠᠨ ᠬᠡᠮᠵᠢᠶ᠎ᠡ 8400 ᠳ᠋ᠦ᠋ᠩᠰᠢᠭᠤᠷ ᠲᠦᠭᠦᠷᠢᠭ᠌ ᠬᠦᠷᠴᠡᠢ

2017-02-03 10:25

    ᠰᠤᠷᠪᠤᠯᠵᠢᠯᠠᠬᠴᠢ ᠬᠤᠳᠠᠯᠳᠤᠭᠠᠨ ᠤ ᠶᠠᠪᠤᠳᠠᠯ ᠤᠨ ᠶᠠᠮᠤᠨ ᠡᠴᠡ ᠤᠶᠢᠯᠠᠭᠠᠬᠰᠠᠨ ᠢᠶᠡᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠤᠯᠤᠰ ᠳᠠᠶᠠᠭᠠᠷ ᠤᠨ ᠬᠡᠷᠡᠭᠯᠡᠭᠡᠨ ᠤ ᠵᠠᠬ᠎ᠠ ᠬᠦᠭ᠍ᠵᠢᠶᠡᠨ ᠶᠡᠬᠡᠲᠡᠢ᠂ ᠦᠢᠯᠡᠴᠢᠯᠡᠭᠡᠨ ᠤ ᠬᠡᠷᠡᠭᠯᠡᠭᠡ ᠨᠡᠩ ᠴᠤ ᠤᠯᠠᠨ ᠭᠢᠯᠠᠰ ᠴᠡᠭ ᠲᠠᠢ ᠪᠤᠯᠵᠦ᠂ ᠢᠨᠲ᠋ᠧᠷᠨᠧᠲ ᠪᠠ ᠪᠤᠳᠠᠳᠠᠢ ᠳ᠋ᠡᠭᠢ ᠬᠡᠷᠡᠭᠯᠡᠭᠡ ᠵᠢ ᠤᠶᠠᠯᠳᠤᠭᠤᠯᠤᠨ᠂ ᠵᠢᠭᠤᠯᠴᠢᠯᠠᠬᠤ ᠦᠢᠯᠡᠴᠢᠯᠡᠭᠡ᠂ ᠬᠤᠪᠢ ᠶᠢᠨ ᠮᠠᠰᠢᠨ ᠢᠶᠡᠷ ᠨᠤᠲᠤᠬ ᠪᠤᠴᠠᠬᠤ ᠵᠡᠷᠭᠡ ᠦᠪᠡᠷᠮᠢᠴᠡ ᠰᠢᠨᠵᠢ ᠲᠠᠢ ᠬᠠᠮᠳᠤᠪᠡᠷ ᠡᠳ᠋ᠯᠡᠬᠦ ᠬᠡᠯᠪᠡᠷᠢ ᠶᠢᠨ ᠬᠡᠷᠡᠭᠯᠡᠭᠡ ᠨᠢ ᠬᠦᠮᠦᠰ ᠤᠨ ᠬᠠᠯᠠᠭᠤᠨ ᠬᠦᠷᠢᠶᠡᠯᠡᠯ ᠢ ᠤᠯᠤᠬᠰᠠᠨ ᠪᠠᠶᠢᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠢᠨᠠᠨ ᠰᠢᠯᠭᠠᠬᠰᠠᠨ ᠢᠶᠡᠷ᠂ ᠪᠢᠲᠡᠭᠦᠨ ᠡᠴᠡ ᠰᠢᠨ᠎ᠡ ᠶᠢᠨ ᠵᠢᠷᠭᠤᠭᠠᠨ(1 ᠰᠠᠷ᠎ᠠ ᠶᠢᠨ 27 ᠡᠴᠡ 2 ᠰᠠᠷ᠎ ᠠ ᠶᠢᠨ 2 ᠤ᠋ᠨ ᠡᠳᠦᠷ) ᠪᠤᠯᠲᠠᠯ᠎ᠠ ᠤᠯᠤᠰ ᠳᠠᠶᠠᠭᠠᠷ ᠤᠨ ᠵᠢᠵᠢᠭᠯᠡᠨ ᠪᠤᠷᠤᠯᠠᠭᠤᠯᠤᠬᠰᠠᠨ ᠪᠠ ᠬᠤᠭᠤᠯᠠ ᠤᠮᠳᠠ ᠶᠢᠨ ᠠᠵᠦ ᠠᠬᠤᠶᠢᠯᠠᠯ ᠤᠨ ᠪᠤᠷᠤᠯᠠᠭᠤᠯᠤᠬᠰᠠᠨ ᠬᠡᠮᠵᠢᠶ᠎ᠡ 8400 ᠳ᠋ᠦ᠋ᠩᠰᠢᠭᠤᠷ ᠲᠦᠭᠦᠷᠢᠭ᠌ ᠢ ᠪᠡᠶᠡᠯᠡᠭᠦᠯᠵᠦ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 11.4% ᠪᠡᠷ ᠨᠡᠮᠡᠭᠳᠡᠵᠡᠢ᠃

ᠢᠷᠡᠯᠳᠡ᠄ ᠡᠳ᠋ ᠤᠨ ᠵᠠᠰᠠᠬ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120403379