蒙古文网站Logo
ᠰᠢᠨᠬᠤᠸᠠ ᠮᠤᠩᠭ᠋ᠤᠯ ᠨᠧᠲ

ᠴᠠᠭᠠᠨ ᠰᠠᠷ᠎ᠠ ᠶᠢᠨ ᠬᠤᠭᠤᠴᠠᠭᠠᠨ ᠳᠤ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠲᠤᠭᠲᠠᠭᠤᠨ ᠪᠠᠶᠢᠳᠠᠯ ᠢᠶᠡᠨ ᠪᠠᠲᠤᠯᠠᠪᠠ

2017-02-06 11:17

    ᠰᠢᠨᠬᠤᠧᠠ ᠬᠤᠷᠢᠶ᠎ᠠ  ᠬᠦᠬᠡᠬᠤᠲᠠ ᠶᠢᠨ 2 ᠰᠠᠷ ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠠᠭᠴᠢ ᠫᠧᠩ ᠶᠤᠸᠠᠨ)  ᠴᠠᠭᠠᠨ ᠰᠠᠷ᠎ᠠ ᠶᠢᠨ ᠬᠤᠭᠤᠴᠠᠭᠠᠨ ᠳᠤ ᠨᠡᠭᠦᠷᠡᠰᠦᠨ ᠠᠷᠠᠯᠵᠢᠶᠠᠨ ᠤ ᠠᠵᠤ ᠠᠬᠤᠶᠢᠯᠠᠯ ᠤᠳ ᠠᠮᠠᠷᠠᠯᠲᠠ ᠶᠢᠨ ᠬᠤᠭᠤᠴᠠᠭᠠᠨ ᠳᠤ ᠪᠡᠨ ᠪᠠᠶᠢᠵᠤ᠂ ᠨᠡᠭᠦᠷᠡᠰᠦᠨ ᠤ ᠵᠠᠬ᠎ᠠ ᠵᠡᠭᠡᠯᠢ ᠶᠢᠨ ᠬᠡᠷᠡᠭᠴᠡᠭᠡ ᠬᠠᠩᠭ᠋ᠠᠯᠭ᠎ᠠ ᠶᠢᠨ ᠪᠦᠲᠦᠴᠡ ᠲᠤᠭᠲᠠᠭᠤᠨ ᠪᠠᠶᠢᠳᠠᠯ ᠢᠶᠡᠨ ᠪᠠᠲᠤᠯᠠᠨ᠂ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠶᠢᠨ ᠦᠰᠦᠯᠲᠡ ᠪᠠᠭᠤᠷᠠᠯᠲᠠ ᠶᠢᠨ ᠬᠠᠨᠳᠤᠰᠢ ᠨᠡᠮᠳᠡᠵᠤ ᠠᠮᠠᠷᠠᠯᠲᠠ ᠡᠴᠡ ᠡᠮᠦᠨᠡᠬᠢ ᠲᠦᠪᠰᠢᠨ ᠢᠶᠡᠨ ᠪᠠᠲᠤᠯᠠᠭᠰᠠᠭᠠᠷ᠃

    1 ᠰᠠᠷ᠎ᠠ ᠶᠢᠨ21 ᠡᠴᠡ 2 ᠰᠠᠷ᠎ᠠ ᠶᠢᠨ 3 ᠤ ᠡᠳᠦᠷ ᠪᠤᠯᠲᠠᠯ᠎ᠠ᠂ ᠤᠷᠳᠤᠰ ᠬᠤᠲᠠ ᠶᠢᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠶᠢᠨ ᠵᠢᠭᠠᠯᠲᠠ ᠲᠤᠭ᠎ᠠ  ᠶᠢᠨ ᠴᠢᠭ᠌ ᠨᠢ 349 ᠪᠤᠯᠵᠤ᠂ ᠦᠩᠭᠡᠷᠡᠭᠰᠡᠨ ᠡᠭᠡᠯᠵᠢ ᠤᠨ ᠬᠢ ᠲᠠᠢ ᠠᠳᠠᠯᠢ ᠲᠦᠪᠰᠢᠨ ᠢᠶᠡᠨ ᠪᠠᠲᠤᠯᠠᠵᠤ᠂ ᠡᠭᠦᠨ ᠡᠴᠡ ᠡᠮᠦᠨᠡᠬᠢ ᠬᠡᠳᠦᠨ ᠭᠠᠷᠠᠭ ᠤᠨ ᠦᠰᠦᠯᠲᠠ ᠪᠠᠭᠤᠷᠠᠯᠲᠠ ᠶᠢᠨ ᠪᠠᠶᠢᠳᠠᠯ ᠢ ᠨᠠᠮᠳᠠᠭᠤᠯᠪᠠ᠃ ᠲᠤᠰ ᠨᠤᠲᠤᠭ ᠤᠨ ᠠᠭᠤᠷᠬᠠᠢ ᠡᠴᠡ ᠭᠠᠷᠭᠠᠭᠰᠠᠨ ᠦᠨ᠎ᠠ ᠡᠴᠡ ᠡᠠᠪᠴᠤ ᠦᠵᠡᠪᠡᠯ 6 ᠪᠠᠷᠢᠮᠵᠢᠶᠠᠲᠤ ᠲᠠᠧᠠᠷ ᠤᠨ ᠦᠨ᠎ᠠ ᠪᠦᠬᠦ ᠲᠠᠯ᠎ᠠ ᠪᠡᠷ ᠲᠤᠭᠲᠠᠭᠤᠨ ᠪᠠᠶᠢᠵᠤ᠂ ᠡᠭᠦᠨ ᠡᠴᠡ ᠡᠮᠦᠨ᠎ᠡ ᠪᠠᠭᠤᠷᠠᠯᠲᠠ ᠶᠢᠨ ᠬᠡᠮᠵᠢᠶ᠎ᠠ ᠮᠡᠳᠡᠭᠳᠡᠮ᠎ᠠ ᠪᠠᠶᠢᠭᠰᠠᠨ 4800 ᠺᠠᠯᠤᠷᠢ ᠡᠴᠡ 5200 ᠺᠠᠯᠤᠷᠢ ᠶᠢᠨ ᠢᠯᠴᠢ ᠶᠢᠨ ᠬᠡᠮᠵᠢᠭ᠍ᠳᠠᠯ ᠤᠨ ᠪᠠᠷᠢᠮᠵᠢᠶᠠᠲᠤ ᠲᠠᠧᠡᠷ ᠤᠨ ᠦᠨ᠎ᠠ ᠴᠠᠭᠠᠨ ᠰᠠᠷ᠎ᠠ ᠶᠢᠨ ᠬᠤᠭᠤᠴᠠᠭᠠᠨ ᠳᠤ ᠠᠯᠭᠤᠷ ᠦᠰᠴᠤ ᠲᠤᠭᠲᠠᠭᠤᠨ ᠪᠠᠶᠢᠳᠠᠯ ᠳᠤ ᠤᠷᠤᠪᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120417326