蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠪᠤᠬᠢᠷ ᠢ ᠭᠠᠳᠠᠭᠰᠢᠭᠤᠯᠬᠤ ᠡᠷᠬᠡ ᠶᠢᠨ ᠠᠷᠠᠯᠵᠢᠶᠠᠨ ᠤ ᠮᠦᠩᠬᠦ ᠨᠡᠶᠢᠯᠡᠭᠡᠳ 2 ᠳ᠋ᠦᠩᠰᠢᠭᠤᠷ ᠭᠠᠷᠤᠢ ᠲᠦᠬᠦᠷᠢᠭ᠌ ᠲᠤ ᠬᠦᠷᠴᠠᠢ

2017-02-06 16:52

    ᠰᠢᠨᠬᠤᠸᠠ ᠬᠤᠷᠢᠶ᠎ᠠ ᠬᠦᠬᠡᠬᠤᠲᠠ ᠶᠢᠨ 2 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢᠤ ᠡᠢ ᠳ᠋ᠧ) ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ 2010 ᠤᠨ ᠤ 9 ᠰᠠᠷ᠎ᠠ  ᠡᠴᠡ ᠡᠬᠢᠯᠡᠨ ᠪᠤᠬᠢᠷ ᠢ ᠭᠠᠳᠠᠭᠰᠢᠭᠤᠯᠬᠤ ᠡᠷᠭᠡ ᠶᠢᠨ ᠲᠤᠷᠰᠢᠯᠲᠠ ᠶᠢᠨ ᠴᠡᠭ᠌ ᠤᠨ ᠠᠵᠢᠯ ᠢ ᠵᠢᠩᠬᠢᠨᠢ ᠪᠡᠷ ᠡᠬᠢᠯᠡᠭᠦᠯᠦᠭᠰᠡᠨ ᠡᠴᠡ ᠨᠠᠭᠠᠰᠢ ᠨᠠᠶᠢᠲᠠ 500 ᠤᠷᠴᠢᠮ ᠤᠨ ᠪᠤᠬᠢᠷ ᠢ ᠭᠠᠳᠠᠭᠰᠢᠭᠤᠯᠬᠤ ᠡᠷᠬᠡ ᠶᠢᠨ ᠠᠷᠠᠯᠵᠢᠶ᠎ᠠ ᠶᠠᠪᠤᠭᠳᠠᠭᠤᠯᠵᠤ᠂ ᠠᠷᠠᠯᠵᠢᠶᠠᠨ ᠤ ᠦᠷᠲᠡᠭ 2.1 ᠳ᠋ᠦᠩᠰᠢᠭᠤᠷ ᠲᠦᠬᠦᠷᠢᠭ᠌ ᠲᠤ ᠬᠦᠷᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠤᠬᠢᠷ ᠢ ᠭᠠᠳᠠᠭᠰᠢᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠦᠪ ᠤᠨ ᠪᠦᠷᠢᠳᠭᠡᠯ ᠢ ᠦᠨᠳᠦᠰᠦᠯᠡᠪᠡᠯ᠂ ᠪᠤᠬᠢᠷ ᠢ ᠭᠠᠳᠠᠭᠰᠢᠭᠤᠯᠬᠤ ᠡᠷᠭᠡ ᠶᠢᠨ ᠠᠷᠠᠯᠵᠢᠶ᠎ᠠ ᠶᠠᠪᠤᠭᠳᠠᠭᠤᠯᠤᠭᠰᠠᠨ ᠡᠴᠡ ᠨᠠᠭᠠᠰᠢ᠂ ᠬᠠᠮᠢᠶ᠎ᠠ ᠪᠦᠬᠦᠢ ᠠᠵᠤ ᠠᠬᠤᠶᠢᠯᠠᠯ ᠨᠠᠶᠢᠲᠡ 8.87 ᠲᠦᠮᠡᠨ ᠲᠤᠨ ᠨᠡᠭᠦᠷᠡᠰᠦᠲᠦ᠋ᠷᠦᠭᠴᠢ ᠶᠢᠨ ᠲᠠᠪᠬᠤᠷ ᠢᠰᠦᠯ᠂ 12.75 ᠲᠦᠮᠡᠨ ᠲᠤᠨ ᠠᠽᠤᠲ ᠬᠦᠴᠢᠯ ᠤᠨ ᠨᠢᠭᠡᠳᠪᠦᠷᠢ᠂ 2553.49 ᠲᠤᠨ ᠬᠢᠮᠢ ᠶᠢᠨ ᠬᠡᠷᠡᠭᠴᠡᠭᠡᠲᠤ ᠬᠦᠴᠢᠯᠳᠤᠢᠷᠦᠭᠴᠢ ᠪᠤᠯᠤᠨ 215.88 ᠲᠤᠨ ᠠᠮᠮᠤᠨᠢ ᠬᠦᠴᠢᠯ ᠢ ᠠᠷᠠᠯᠵᠢᠶᠠᠯᠠᠵᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)᠃

ᠢᠷᠡᠯᠳᠡ᠄ ᠰᠢᠨᠬᠤᠸᠠ ᠬᠤᠷᠢᠶ᠎᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120419551