蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠴᠠᠭᠠᠨ ᠰᠠᠷ᠎ᠠ ᠪᠡᠷ ᠵᠢᠭᠤᠯᠴᠢᠯᠠᠬᠰᠠᠨ ᠬᠦᠮᠦᠨ ᠤ ᠲᠤᠭ᠎ᠠ ᠪᠤᠯᠤᠨ ᠤᠷᠤᠯᠭ᠎ᠠ ᠨᠡᠮᠡᠭᠳᠡᠪᠡ

2017-02-09 16:42

    2 ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠰᠠᠬᠤ ᠤᠷᠤᠨ ᠤ ᠵᠢᠭᠤᠯᠴᠢᠯᠠᠯ ᠤᠨ ᠬᠦᠭ᠍ᠵᠢᠯᠲᠠ ᠶᠢᠨ ᠬᠤᠷᠠᠯ ᠡᠴᠡ ᠤᠶᠢᠯᠠᠭᠠᠭᠰᠠᠨ ᠢᠶᠡᠷ᠂ 2017 ᠤᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠦᠪᠦᠷ ᠮᠣᠩᠭᠣᠯ ᠲᠠᠪᠬᠤᠷᠳᠠᠭᠰᠠᠨ ᠲᠤᠭ᠎ᠠ ᠪᠡᠷ ᠨᠡᠶᠢᠲᠡ 384.77 ᠲᠦᠮᠡᠨ ᠤᠯᠤᠰ ᠤᠨ ᠳᠤᠲᠤᠭᠠᠲᠤ ᠶᠢᠨ ᠵᠢᠭᠤᠯᠴᠢᠳ ᠢ ᠬᠦᠯᠢᠶᠡᠨ ᠠᠪᠴᠤ᠂ ᠦᠩᠭᠡᠷᠡᠭᠰᠡᠨ ᠤᠨ ᠤ ᠮᠦᠨ ᠦᠶ᠎ᠠ ᠡᠴᠡ 15.14 % ᠪᠡᠷ ᠨᠡᠮᠡᠭᠳᠡᠪᠡ᠃ ᠵᠢᠭᠤᠯᠴᠢᠯᠠᠯ ᠤᠨ ᠤᠷᠤᠯᠭ᠎ᠠ 19.29 ᠳ᠋ᠦᠩᠰᠢᠭᠤᠷ ᠲᠦᠬᠦᠷᠢᠭ᠌ ᠲᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 16.64% ᠪᠡᠷ ᠨᠡᠮᠡᠭᠳᠡᠪᠡ᠃ ᠡᠭᠦᠨ ᠳᠤ᠂ ᠬᠦᠯᠢᠶᠡᠨ ᠠᠪᠤᠭᠰᠠᠨ ᠬᠤᠨᠤᠬ ᠤᠨ ᠵᠢᠭᠤᠯᠴᠢᠳ ᠲᠠᠪᠬᠤᠷᠳᠠᠭᠰᠠᠨ ᠲᠤᠭ᠎ᠠ ᠪᠡᠷ 148.8 ᠲᠦᠮᠡ ᠳᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 11.23% ᠪᠡᠷ ᠨᠡᠮᠡᠭᠳᠡᠪᠡ᠂ ᠬᠦᠯᠢᠶᠡᠨ ᠠᠪᠤᠭᠰᠠᠨ ᠭᠠᠭᠴᠠ ᠡᠳᠦᠷ ᠤᠨ ᠵᠢᠭᠤᠯᠴᠢᠳ ᠲᠠᠪᠬᠤᠷᠳᠠᠭᠰᠠᠨ ᠲᠤᠭ᠎ᠠ ᠪᠡᠷ 235.97 ᠲᠦᠮᠡ ᠳᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 17.74% ᠪᠡᠷ ᠨᠡᠮᠡᠭᠳᠡᠨ᠂ ᠬᠦᠯᠢᠶᠡᠨ ᠠᠪᠤᠭᠰᠠᠨ ᠪᠦᠬᠦ ᠬᠦᠮᠦᠨ ᠤ ᠲᠤᠭ᠎ᠠ  ᠶᠢᠨ 61% ᠶᠢ ᠡᠵᠡᠯᠡᠪᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭ᠎ᠠ ᠪᠠᠶᠠᠯᠢᠭ ᠰᠠᠶᠢᠬᠠᠨ᠂ ᠠᠷᠠᠯᠵᠢᠶ᠎ᠠ ᠬᠦᠭ᠍ᠵᠢᠶᠡᠨᠲᠠᠢ ᠪᠠᠶᠢᠵᠤ᠂ ᠵᠢᠭᠤᠯᠴᠢᠳ ᠤᠨ ᠵᠢᠭᠤᠯᠴᠢᠯᠠᠬᠤ ᠤᠷᠮ᠎ᠠ ᠪᠠᠬ᠎ᠠ ᠲᠠᠰᠤᠷᠠᠯᠲᠠ ᠦᠭᠡᠢ ᠨᠡᠮᠡᠭᠳᠡᠭᠰᠡᠭᠡᠷ᠃ (ᠰᠤᠷᠪᠤᠯᠵᠢᠯᠠᠭᠴᠢ ᠡᠤ ᠶᠦᠩ᠂ ᠵᠠᠩ ᠴᠧᠩ᠂ ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011100001120439682