蒙古文网站Logo
ᠰᠢᠨᠬᠤᠸᠠ ᠮᠤᠩᠭ᠋ᠤᠯ ᠨᠧᠲ

2016 ᠤᠨ ᠳᠤ ᠦᠪᠦᠷ ᠮᠤᠨᠭᠭᠤᠯ ᠤᠨ ᠪᠤᠭᠤᠮᠲᠠ ᠪᠡᠷ ᠪᠠᠷᠠᠭ᠎ᠠ ᠳᠠᠮᠵᠢᠬᠰᠠᠨ ᠬᠡᠮᠵᠢᠶ᠎ᠡ ᠲᠡᠦᠬᠡᠨ ᠳᠡᠮᠳᠡᠭᠯᠡᠯ ᠢ ᠰᠢᠨᠡᠳᠬᠡᠵᠡᠢ

2017-02-14 12:06

    ᠰᠢᠨᠬᠤᠸᠠ ᠮᠤᠨᠭᠭᠤᠯ ᠨᠧᠲ  ᠬᠦᠬᠡᠬᠤᠲᠠ ᠶᠢᠨ 2 ᠰᠠᠷ᠎ᠠ ᠶᠢᠨ 14 ᠤ᠋ ᠡᠳᠦᠷ ᠤᠨ ᠴᠠᠬᠢᠯᠭᠠᠨ ᠮᠡᠳᠡᠭᠡ(ᠰᠠᠷᠠᠨᠲᠦᠶᠠᠭ᠎ᠠ) ᠲᠤᠰ ᠡᠳᠦᠷ ᠬᠤᠷᠠᠯᠳᠤᠬᠰᠠᠨ ᠦᠪᠦᠷ ᠮᠤᠨᠭᠭᠤᠯ ᠤᠨ ᠦᠪᠡᠷᠲᠡᠭᠡᠨ ᠵᠠᠰᠬᠠᠤ ᠤᠷᠤᠨ ᠤ ᠬᠤᠳᠠᠯᠳᠤᠭᠠᠨ ᠤ ᠶᠠᠪᠤᠳᠠᠯ ᠪᠠ ᠪᠤᠭᠤᠮᠲᠠ ᠶᠢᠨ ᠠᠵᠢᠯ ᠤᠨ ᠬᠤᠷᠠᠯ ᠡᠴᠡ ᠤᠶᠢᠯᠠᠭᠠᠬᠰᠠᠨ ᠢᠶᠡᠷ ᠦᠪᠦᠷ ᠮᠤᠨᠭᠭᠤᠯ ᠤᠨ 2016 ᠤᠨ ᠳᠤ ᠪᠤᠭᠤᠮᠲᠠ ᠪᠡᠷ ᠳᠠᠮᠵᠢᠭᠤᠯᠤᠬᠰᠠᠨ ᠪᠠᠷᠠᠭᠠᠨ ᠤ ᠬᠡᠮᠵᠢᠶ᠎ᠡ 7887.4 ᠲᠦᠮᠡᠨ ᠲᠤᠨ ᠳᠤ ᠬᠦᠷᠴᠦ ᠲᠡᠦᠬᠡᠨ ᠳᠡᠮᠳᠡᠭᠯᠡᠯ ᠢ ᠰᠢᠨᠡᠳᠬᠡᠵᠡᠢ᠃

    ᠰᠤᠷᠪᠤᠯᠵᠢᠯᠠᠬᠴᠢ ᠲᠤᠰ ᠡᠳᠦᠷ ᠬᠤᠷᠠᠯᠳᠤᠬᠰᠠᠨ ᠦᠪᠦᠷ ᠮᠤᠨᠭᠭᠤᠯ ᠤᠨ ᠦᠪᠡᠷᠲᠡᠭᠡᠨ ᠵᠠᠰᠬᠠᠤ ᠤᠷᠤᠨ ᠤ ᠬᠤᠳᠠᠯᠳᠤᠭᠠᠨ ᠤ ᠶᠠᠪᠤᠳᠠᠯ ᠪᠠ ᠪᠤᠭᠤᠮᠲᠠ ᠶᠢᠨ ᠠᠵᠢᠯ ᠤᠨ ᠬᠤᠷᠠᠯ ᠡᠴᠡ ᠤᠶᠢᠯᠠᠭᠠᠬᠰᠠᠨ ᠢᠶᠡᠷ᠂ 2016 ᠤᠨ ᠳᠤ ᠦᠪᠦᠷ ᠮᠤᠨᠭᠭᠤᠯ ᠤᠨ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠦᠷᠲᠡᠭ 6700.8 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 9.7% ᠪᠡᠷ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠢᠮᠫᠤᠷᠲ᠋ᠯᠠᠵᠦ ᠢᠺᠰᠫᠤᠷᠲ᠋ᠯᠠᠬᠰᠠᠨ ᠶᠡᠷᠦᠩᠬᠡᠢ ᠦᠷᠲᠡᠭ 772.78 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 2.1% ᠪᠡᠷ ᠪᠠᠭᠤᠷᠠᠨ᠂ ᠪᠤᠳᠠᠳᠠᠢ ᠠᠰᠢᠬᠯᠠᠬᠰᠠᠨ ᠭᠠᠳᠠᠭᠠᠳᠤ ᠬᠦᠷᠦᠩᠭᠡ 39.67ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 17.8% ᠪᠡᠷ ᠨᠡᠮᠡᠭᠳᠡᠵᠦ᠂ ᠠᠵᠦ ᠠᠬᠤᠶᠢᠯᠠᠯ ᠤᠨ ᠬᠢᠯᠢ ᠶᠢᠨ ᠭᠠᠳᠠᠨ᠎᠎ᠠ ᠪᠤᠳᠠᠳᠠᠢ ᠬᠦᠷᠦᠩᠭᠡ ᠤᠷᠤᠭᠤᠯᠤᠬᠰᠠᠨ ᠬᠡᠮᠵᠢᠶ᠎ᠡ 17.12 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 3 ᠳᠠᠬᠢᠨ ᠭᠠᠷᠤᠢ ᠨᠡᠮᠡᠭᠳᠡᠨ᠂ ᠪᠤᠭᠤᠮᠳᠠ ᠪᠡᠷ ᠳᠠᠮᠵᠢᠬᠰᠠᠨ ᠪᠠᠷᠠᠭᠠᠨ ᠤ ᠬᠡᠮᠵᠢᠶ᠎ᠡ 7887.4 ᠲᠦᠮᠡᠨ ᠲᠤᠨ᠂ ᠦᠩᠭᠡᠷᠡᠭᠰᠡᠨ ᠤᠨ ᠤ ᠮᠦᠨ ᠦᠶ᠎ᠡ ᠡᠴᠡ 19.8% ᠪᠡᠷ ᠨᠡᠮᠡᠭᠳᠡᠵᠦ᠂ ᠲᠡᠦᠬᠡᠨ ᠳᠡᠮᠳᠡᠭᠯᠡᠯ ᠢ ᠰᠢᠨᠡᠳᠬᠡᠭ᠍ᠰᠡᠨ ᠪᠠᠶᠢᠨ᠎ᠠ ᠃

    ᠬᠤᠷᠠᠯ ᠤᠨ ᠦᠶ᠎ᠡ ᠪᠡᠷ ᠪᠠᠰᠠ 2017 ᠤᠨ ᠤ ᠠᠵᠢᠯ ᠤᠨ ᠬᠠᠷᠠᠯᠲᠠ ᠵᠢ ᠨᠡᠶᠢᠲᠡᠯᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠦᠷᠲᠡᠭ ᠢ 10% ᠤᠷᠴᠢᠮ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ ᠤ ᠢᠮᠫᠤᠷᠲ᠋ᠯᠠᠵᠦ ᠢᠺᠰᠫᠤᠷᠲ᠋ᠯᠠᠬᠰᠠᠨ ᠶᠡᠷᠦᠩᠬᠡᠢ ᠦᠷᠲᠡᠭ ᠢ 3% ᠤᠷᠴᠢᠮ ᠨᠡᠮᠡᠭᠳᠡᠭᠦᠯᠦᠨ᠂ ᠪᠤᠭᠤᠮᠳᠠ ᠪᠡᠷ ᠳᠠᠮᠵᠢᠭᠤᠯᠬᠤ ᠪᠠᠷᠠᠭᠠᠨ ᠤ ᠬᠡᠮᠵᠢᠶ᠎ᠡ ᠵᠢ 5% ᠤᠷᠴᠢᠮ ᠨᠡᠮᠡᠭᠳᠡᠭᠦᠯᠤᠨ᠎ᠡ ᠭᠡᠬᠦ ᠲᠦᠰᠦᠪ ᠲᠤᠬᠲᠠᠭᠠᠵᠠᠢ᠃

    ᠬᠤᠷᠠᠯ ᠡᠴᠡ᠂ ᠦᠪᠦᠷ ᠮᠤᠨᠭᠭᠤᠯ ᠤᠨ ᠬᠤᠳᠠᠯᠳᠤᠭᠠᠨ ᠤ ᠶᠠᠪᠤᠳᠠᠯ ᠪᠠ ᠪᠤᠭᠤᠮᠲᠠ ᠶᠢᠨ ᠠᠵᠢᠯ ᠲᠤᠬᠲᠠᠭᠤᠨ ᠢᠶᠡᠷ ᠬᠦᠭ᠍ᠵᠢᠭᠦᠯᠬᠦ ᠠᠵᠢᠯ ᠤᠨ ᠠᠶᠢᠵᠢᠮ ᠢᠶᠡᠨ ᠪᠠᠷᠢᠮᠲᠠᠯᠠᠵᠦ᠂ ᠰᠢᠨ᠎ᠡ ᠬᠦᠭ᠍ᠵᠢᠯᠲᠡ ᠶᠢᠨ ᠤᠨᠤᠯ ᠢ ᠲᠤᠤᠱᠯᠠᠭᠤᠨᠯᠬᠤ ᠵᠢ ᠪᠠᠷᠢᠮᠲᠠᠯᠠᠨ᠂ ᠴᠢᠨᠠᠷ ᠪᠤᠯᠤᠨ ᠦᠷ᠎ᠡ ᠪᠦᠲᠦᠮᠵᠢ ᠪᠡᠷ ᠲᠦᠪ ᠪᠤᠯᠭᠠᠨ ᠬᠦᠭ᠍ᠵᠢᠭᠦᠯᠬᠦ ᠵᠢ ᠪᠠᠷᠢᠮᠲᠠᠯᠠᠵᠦ᠂ ᠬᠠᠨᠭᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠡᠷ ᠭᠤᠤᠯ ᠪᠤᠯᠭᠠᠬᠤ ᠵᠢ ᠠᠬᠢᠭᠤᠯᠤᠨ᠂ ᠲᠦᠰᠦᠪ ᠢᠶᠡᠷ ᠤᠳᠤᠷᠢᠳᠬᠤ ᠵᠢ ᠴᠢᠨᠭᠭᠠᠷᠠᠭᠤᠯᠵᠦ᠂ ᠪᠦᠲᠦᠭᠡᠯᠴᠢ ᠪᠡᠷ ᠠᠵᠢᠯᠯᠠᠭᠤᠯᠬᠤ ᠵᠢ ᠴᠢᠬᠤᠯᠠᠴᠢᠯᠠᠨ᠂ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷ᠎ᠠ ᠳ᠋ᠡᠭᠢ ᠲᠤᠬᠲᠠᠭᠤᠨ ᠢᠶᠡᠷ ᠦᠰᠬᠦ᠂ ᠦᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠤᠬᠢᠷᠠᠭᠤᠯᠬᠤ᠂ ᠢᠷᠭᠡᠳ ᠲᠤ ᠠᠰᠢᠬ ᠬᠦᠷᠲᠡᠭᠡᠬᠦ᠂ ᠡᠷᠡᠰᠳᠡᠯ ᠢ ᠰᠡᠷᠭᠡᠶᠢᠯᠡᠬᠦ ᠵᠡᠷᠭᠡ ᠤᠯᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011100001120463941