蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠬᠤ ᠦᠨ᠎ᠡ 60% ᠪᠡᠷ ᠦᠰᠴᠡᠢ

2017-02-14 17:04

    ᠰᠢᠨᠬᠤᠸᠠ ᠬᠤᠷᠢᠶ᠎ᠠ  ᠬᠦᠬᠡᠬᠤᠲᠠ ᠶᠢᠨ 2 ᠰᠠᠷ᠎ ᠠ ᠶᠢᠨ 14 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠳ᠋ᠦᠩ ᠯᠦ) ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠵᠦᠪᠯᠡᠯ ᠡᠴᠡ ᠤᠶᠢᠯᠠᠭᠠᠬᠰᠠᠨ ᠢᠶᠡᠷ᠂ ᠡᠨᠡ ᠤᠨ ᠤ 1 ᠳ᠋ᠤᠭᠡᠷ ᠰᠠᠷ᠎ᠠ  ᠳᠤ ᠦᠪᠦᠷ ᠮᠤᠨᠭᠭᠤᠯ ᠤᠨ ᠭᠤᠤᠯ ᠪᠤᠯᠬᠤ ᠨᠡᠭᠦᠷᠡᠰᠦ ᠤᠯᠪᠤᠷᠢᠯᠠᠯᠲᠠ ᠶᠢᠨ ᠭᠠᠵᠠᠷ ᠤᠨ ᠨᠡᠭᠦᠷᠡᠰᠦᠨ ᠤ ᠠᠭᠤᠷᠬᠠᠢ ᠡᠴᠡ ᠭᠠᠷᠬᠤ ᠳᠤᠮᠳᠠᠴᠢ ᠲᠤᠭᠠᠴᠠᠭᠠᠯᠠᠬᠰᠠᠨ ᠦᠨ᠎ᠡ ᠲᠤᠨ ᠪᠦᠷᠢ 206.07 ᠲᠦᠭᠦᠷᠢᠭ᠌᠂ ᠦᠩᠭᠡᠷᠡᠭᠰᠡᠨ ᠡᠭᠡᠯᠵᠢ ᠡᠴᠡ 2.60% ᠪᠡᠷ ᠨᠡᠮᠡᠭᠳᠡᠵᠦ᠂ ᠦᠩᠭᠡᠷᠡᠭᠰᠡᠨ ᠤᠨ ᠤ ᠮᠦᠨ ᠦᠶ᠎ᠡ ᠡᠴᠡ 61.57% ᠪᠡᠷ ᠨᠡᠮᠡᠭᠳᠡᠭᠰᠡᠨ ᠪᠠᠶᠢᠨ᠎ᠠ᠃

    2 ᠳ᠋ᠤᠭᠠᠷ ᠰᠠᠷ᠎ᠠ ᠡᠴᠡ ᠬᠤᠶᠢᠰᠢ ᠨᠡᠭᠦᠷᠡᠰᠤᠨ ᠤ ᠠᠵᠦ ᠠᠬᠤᠶᠢᠯᠠᠯ ᠤᠳ ᠵᠠᠯᠭᠠᠪᠡᠷ ᠤᠯᠪᠤᠷᠢᠯᠠᠯᠲᠠ ᠶᠢᠨ ᠠᠵᠢᠯ ᠢᠶᠡᠨ ᠰᠡᠷᠭᠦᠭᠡᠵᠦ ᠬᠠᠨᠭᠭᠠᠯᠭ᠎ᠠ ᠨᠡᠮᠡᠭᠳᠡᠭᠰᠡᠨ ᠪᠠ ᠴᠠᠭ ᠠᠭᠠᠷ ᠳᠤᠯᠠᠭᠠᠷᠠᠵᠦ᠂ ᠨᠡᠭᠦᠷᠡᠰᠦ ᠬᠡᠷᠡᠭᠯᠡᠬᠦ ᠤᠷᠭᠢᠯ ᠴᠠᠬ ᠳᠠᠭᠤᠰᠤᠬᠰᠠᠨ ᠡᠴᠡ ᠨᠡᠭᠦᠷᠡᠰᠦᠨ ᠤ ᠬᠡᠷᠡᠭᠯᠡᠭᠡ ᠪᠠᠭᠠᠰᠴᠦ᠂ ᠦᠨ᠎ᠡ ᠨᠢ ᠪᠠᠭ᠎ᠠ ᠬᠡᠮᠵᠢᠶ᠎ᠡ ᠪᠡᠷ ᠪᠠᠭᠤᠷᠠᠬᠤ ᠪᠤᠯᠤᠨ᠎ᠠ ᠭᠡᠵᠦ ᠮᠡᠷᠭᠡᠵᠢᠯᠲᠡᠳ ᠦᠵᠡᠵᠦ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011100001120465780