蒙古文网站Logo
ᠰᠢᠨᠬᠤᠸᠠ ᠮᠤᠩᠭ᠋ᠤᠯ ᠨᠧᠲ

ᠭᠠᠭᠴᠠᠮᠤᠳᠤ ᠪᠤᠭᠤᠮᠲᠠ ᠶᠢᠨ ᠨᠡᠭᠦᠷᠡᠰᠦᠨ ᠤ ᠭᠠᠳᠠᠭᠠᠲᠤ ᠡᠴᠡ ᠤᠷᠤᠭᠤᠯᠤᠭᠰᠠᠨ ᠬᠡᠮᠵᠢᠶ᠎ᠠ 200 ᠲᠦᠮᠡᠨ ᠲᠤᠨ ᠢ ᠲᠠᠪᠠᠪᠠ

2017-02-17 16:48

    2 ᠰᠠᠷ᠎ᠠ ᠶᠢᠨ 10 ᠤ ᠡᠳᠦᠷ ᠪᠤᠯᠲᠠᠯ᠎ᠠ᠂ ᠭᠠᠬᠴᠠᠮᠤᠲᠤ ᠪᠤᠭᠤᠮᠲᠠ ᠪᠡᠷ 2017 ᠤᠨ ᠳᠤ ᠮᠣᠩᠭᠣᠯ ᠡᠴᠡ ᠤᠷᠤᠭᠤᠯᠤᠭᠰᠠᠨ ᠨᠡᠭᠦᠷᠡᠰᠦᠨ ᠤ ᠬᠡᠮᠵᠢᠶ᠎ᠠ 206.93 ᠲᠦᠮᠡᠨ ᠲᠤᠨ ᠳᠤ ᠬᠦᠷᠪᠡ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 323.4% ᠪᠡᠷ ᠨᠡᠮᠡᠭᠳᠡᠪᠡ᠃

    ᠭᠠᠳᠠᠭᠠᠲᠤ ᠡᠴᠡ ᠤᠷᠤᠭᠤᠯᠤᠭᠰᠠᠨ ᠨᠡᠭᠦᠷᠡᠰᠦᠨ ᠤ ᠵᠠᠬ᠎ᠠ ᠵᠡᠭᠡᠯᠢ ᠶᠢᠨ ᠦᠷᠭᠦᠯᠵᠢᠯᠠᠨ ᠬᠦᠭ᠍ᠵᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠤᠷᠠᠳ  ᠪᠤᠭᠤᠮᠳᠠ ᠤᠯᠠᠨ ᠳᠦᠬᠦᠮ ᠲᠦᠲᠡ ᠪᠤᠭᠤᠮᠲᠠ ᠳᠠᠪᠠᠬᠤ ᠠᠷᠭ᠎ᠠ ᠬᠡᠮᠵᠢᠶ᠎ᠠ ᠠᠪᠴᠤ ᠨᠡᠭᠦᠷᠡᠰᠤ ᠤᠨ ᠭᠠᠳᠠᠭᠠᠳᠤ ᠡᠴᠡ ᠤᠷᠤᠭᠤᠯᠬᠤ ᠠᠷᠠᠯᠵᠢᠶ᠎ᠠ ᠶᠢ ᠠᠬᠢᠭᠤᠯᠪᠠ᠃ ᠬᠦᠮᠦᠨ ᠤ ᠨᠦᠬᠡᠴᠡ ᠶᠢ ᠰᠢᠨᠵᠢᠯᠡᠬᠦ ᠤᠬᠠᠭᠠᠨᠴᠢ ᠪᠡᠷ ᠠᠰᠢᠬᠯᠠᠵᠦ᠂ 《 ᠲᠠᠪᠤᠨ ᠤᠷᠤᠭᠤᠯᠬᠤ ᠲᠠᠪᠤᠨ ᠭᠠᠷᠭᠠᠬᠤ》 ᠨᠡᠭᠦᠷᠡᠰᠦᠨ ᠤ ᠲᠤᠰᠬᠠᠢ ᠨᠡᠪᠲᠡᠷᠡᠬᠦ ᠵᠠᠮ ᠢᠶᠡᠷ  12 ᠴᠠᠭ ᠲᠠᠰᠤᠷᠠᠯᠲᠠ ᠦᠭᠡᠢ ᠪᠡᠷ ᠪᠤᠭᠤᠮᠲᠠ ᠳᠠᠪᠠᠬᠤ ᠬᠤᠷᠳᠤᠴᠠ ᠶᠢ ᠲᠦᠷᠭᠡᠳᠭᠡᠬᠦ ᠶᠢᠨ ᠬᠠᠮᠲᠤ 《 ᠤᠶᠤᠨᠴᠢ ᠰᠠᠭᠠᠲᠠᠭᠤᠯᠬᠤ ᠬᠠᠭᠠᠯᠭ᠎ᠠ》 ᠶᠢ ᠲᠦᠢᠷᠭᠡᠭᠡᠨ ᠬᠡᠷᠡᠭᠴᠡᠭᠡᠨ ᠳ᠋ᠦ ᠤᠷᠤᠭᠤᠯᠵᠦ᠂ ᠪᠤᠭᠤᠮᠲᠠ ᠳᠠᠪᠠᠬᠤ ᠴᠠᠭ ᠢ ᠪᠤᠭᠤᠨᠢᠰᠬᠠᠨ᠎ᠠ᠃ ᠶᠡᠬᠡ ᠬᠡᠮᠵᠢᠶᠠᠨ ᠤ ᠪᠠᠷᠠᠭ᠎ᠠ ᠲᠠᠧᠠᠷ ᠤᠨ ᠮᠡᠳᠡᠭᠦᠯᠦᠯᠲᠠ ᠶᠢᠨ ᠬᠠᠮᠢᠶᠠᠷᠤᠯᠲᠠ ᠶᠢ ᠳᠦᠷᠢᠮᠵᠢᠭᠦᠯᠵᠤ᠂ ᠪᠤᠭᠤᠮᠲᠠ ᠳᠠᠪᠠᠬᠤ ᠦᠷ᠎ᠠ ᠠᠰᠢᠭ ᠢ ᠲᠡᠭᠡᠭ᠍ᠰᠢᠯᠡᠭᠦᠯᠦᠨ᠎ᠠ᠃ 《 ᠪᠤᠯᠵᠤᠬᠤ ᠬᠡᠯᠪᠡᠷᠢ》 ᠶᠢᠨ ᠪᠤᠭᠤᠮᠲᠠ ᠳᠠᠪᠠᠬᠤ ᠦᠢᠯᠡᠴᠢᠯᠡᠭᠡᠨ ᠤ ᠪᠠᠶᠢᠭᠤᠯᠤᠮᠵᠢ ᠪᠠᠢᠢᠭᠤᠯᠵᠦ᠂ ᠤᠯᠠᠨ ᠬᠦᠷᠦᠩᠭᠡ ᠲᠡᠢ ᠢᠳᠡᠭᠡᠮᠵᠢ ᠲᠠᠢ ᠬᠠᠤᠯᠢ ᠶᠤᠰᠤᠭᠠᠷ ᠡᠵᠡᠩᠨᠡᠵᠤ ᠪᠦᠬᠦᠢ ᠠᠵᠤ ᠠᠬᠤᠶᠢᠯᠠᠯ ᠳᠤ ᠤᠷᠢᠳᠠᠪᠠᠷ ᠪᠤᠯᠵᠤᠬᠤ ᠦᠢᠯᠡᠴᠢᠯᠡᠭᠡ ᠬᠠᠩ᠋ᠭᠠᠨ᠎ᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠵᠠᠰᠠᠭ ᠤᠨ ᠤᠷᠳᠤᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120485932