蒙古文网站Logo
ᠰᠢᠨᠬᠤᠸᠠ ᠮᠤᠩᠭ᠋ᠤᠯ ᠨᠧᠲ

2020 ᠤᠨ ᠪᠤᠯᠬᠤ ᠳᠤ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠤ ᠬᠢᠷᠢ ᠲᠡᠩᠴᠡᠭ᠍ᠰᠡᠨ ᠨᠤᠷᠮ᠎ᠠ ᠵᠢ 97% ᠡᠴᠡ ᠳᠡᠭᠡᠭ᠍ᠰᠢ ᠳᠤ ᠬᠦᠷᠭᠡᠨ᠎ᠡ

2017-02-20 17:10

    ᠰᠤᠷᠪᠤᠯᠵᠢᠯᠠᠬᠴᠢ ᠬᠦᠳᠡᠭᠡ ᠠᠵᠦ ᠠᠬᠤᠢ ᠶᠢᠨ ᠶᠠᠮᠤᠨ ᠤ ᠬᠤᠷᠠᠯᠳᠤᠭᠤᠯᠤᠬᠰᠠᠨ ᠤᠯᠤᠰ ᠳᠠᠶᠠᠭᠠᠷ ᠴᠢᠨᠠᠷ ᠢ ᠠᠬᠢᠭᠤᠯᠵᠦ ᠬᠦᠳᠡᠭᠡ ᠠᠵᠦ ᠠᠬᠤᠢ ᠵᠢ ᠬᠦᠭ᠍ᠵᠢᠭᠦᠯᠬᠦ ᠠᠵᠢᠯ ᠤᠨ ᠪᠠᠶᠢᠷᠢᠰᠢᠭᠤᠯᠤᠯᠲᠠ ᠶᠢᠨ ᠬᠤᠷᠠᠯ ᠡᠴᠡ ᠤᠶᠢᠯᠠᠭᠠᠬᠰᠠᠨ ᠢᠶᠡᠷ᠂ ᠦᠩᠭᠡᠷᠡᠭ᠍ᠰᠡᠨ ᠤᠨ ᠳᠤ ᠮᠠᠨ ᠤ ᠤᠯᠤᠰ ᠤᠨ ᠭᠤᠤᠯ ᠪᠤᠯᠬᠤ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠤ ᠳᠦᠷᠢᠮ ᠤᠨ ᠳᠠᠭᠠᠤ ᠬᠢᠨᠠᠨ ᠰᠢᠯᠭᠠᠯᠲᠠ ᠶᠢᠨ ᠶᠡᠷᠦᠩᠬᠡᠶ ᠬᠢᠷᠢ ᠲᠡ᠍ᠩᠴᠡᠯᠲᠡ ᠶᠢᠨ ᠨᠤᠷᠮ᠎ᠠ 97.5% ᠬᠦᠷᠴᠦ᠂ ᠵᠢᠯ ᠲᠤᠷᠰᠢ ᠬᠦᠳᠡᠭᠡ ᠠᠵᠦ ᠠᠬᠤᠢ ᠶᠢᠨ ᠪᠦᠲᠦᠭᠡᠭ᠍ᠭᠦᠨ ᠤ ᠴᠢᠨᠠᠷ ᠤᠨ ᠠᠶᠤᠯᠭᠦᠢ ᠶᠢᠨ ᠲᠤᠮᠤ ᠬᠡᠷᠡᠭ ᠭᠠᠷᠤᠬᠰᠠᠨ ᠦᠭᠡᠢ᠂ 《ᠭᠤᠷᠪᠠᠨ ᠪᠦᠲᠦᠭᠡᠭ᠍ᠳᠡᠭᠦᠨ ᠨᠢᠭᠡ ᠳᠡᠮᠳᠡᠭ》(ᠬᠤᠤᠷᠳᠠᠯ ᠦᠭᠡᠢ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ᠂ ᠪᠠᠶᠢᠭᠠᠯᠯᠢᠬ ᠬᠦᠨᠡᠰᠦ᠂ ᠤᠷᠭᠠᠨᠢᠬ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠪᠤᠯᠤᠨ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠤ ᠭᠠᠵᠠᠷ ᠵᠦᠢ ᠶᠢᠨ ᠳᠡᠮᠳᠡᠭ ᠢ ᠵᠢᠭᠠᠵᠦ ᠪᠤᠢ) ᠤ᠋ᠨ ᠰᠤᠭᠤᠴᠢᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠨᠤᠷᠮ᠎ᠠ 98.8% ᠳ᠋ᠤ ᠬᠦᠷᠴᠡᠢ᠃

    ᠴᠢᠨᠠᠷ ᠢ ᠠᠬᠢᠭᠤᠯᠵᠦ ᠬᠦᠳᠡᠭᠡ ᠠᠵᠦ ᠠᠬᠤᠢ ᠵᠢ ᠬᠦᠭ᠍ᠵᠢᠭᠦᠯᠬᠦ ᠳᠤ ᠡᠷᠬᠡᠪᠰᠢ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠤ ᠴᠢᠨᠠᠷ ᠤᠨ ᠠᠶᠤᠯᠭᠦᠢ ᠵᠢ ᠪᠠᠲᠤᠯᠠᠬᠤ ᠬᠡᠷᠡᠭᠲᠡᠢ᠃ 2020 ᠤᠨ ᠪᠤᠯᠬᠤ ᠳᠤ ᠬᠦᠳᠡᠭᠡ ᠠᠵᠦ ᠠᠬᠤᠢ ᠶᠢᠨ ᠪᠦᠲᠦᠭᠡᠭ᠍ᠳᠡᠭᠦᠨ ᠤ ᠳᠦᠷᠢᠮ ᠤᠨ ᠳᠠᠭᠠᠤ ᠬᠢᠨᠠᠨ ᠰᠢᠯᠭᠠᠯᠲᠠ ᠶᠢᠨ ᠶᠡᠷᠦᠩᠬᠡᠶ ᠬᠢᠷᠢ ᠲᠡ᠍ᠩᠴᠡᠯᠲᠡ ᠶᠢᠨ ᠨᠤᠷᠮ᠎ᠠ ᠵᠢ 97% ᠡᠴᠡ ᠳᠡᠭᠡᠭ᠍ᠰᠢ ᠪᠠᠶᠢᠯᠠᠭᠠᠵᠦ᠂ 《ᠢᠳᠡᠰᠢᠨ ᠨᠤᠭᠤᠭ᠎ᠠ》 ᠶᠢᠨ ᠭᠤᠤᠯ ᠪᠤᠯᠬᠤ ᠭᠠᠷᠤᠯᠲᠠ ᠶᠢᠨ ᠰᠢᠶᠠᠨ ᠤ ᠦᠢᠯᠡᠳᠪᠦᠷᠢᠯᠡᠯ ᠤᠨ ᠰᠠᠭᠤᠷᠢᠨ ᠤ ᠪᠡᠷᠢᠮᠵᠢᠶᠠᠵᠢᠬᠤ ᠵᠢ ᠪᠡᠶᠡᠯᠡᠭᠦᠯᠤᠨ᠂ ᠲᠠᠷᠢᠶᠠᠯᠠᠩ ᠤᠨ ᠠᠵᠦ ᠦᠢᠯᠡᠰᠴᠢᠯᠡᠯᠲᠡ ᠶᠢᠨ ᠭᠤᠤᠯ ᠪᠤᠯᠬᠤ ᠲᠦᠷᠦᠭᠦᠯᠡᠬᠦ ᠠᠵᠦ ᠠᠬᠤᠶᠢᠯᠠᠯ᠂ ᠨᠦᠬᠦᠴᠡᠯ ᠪᠦᠬᠦᠢ 《ᠢᠳᠡᠰᠢᠨ ᠨᠤᠭᠤᠭ᠎ᠠ》  ᠶᠢᠨ ᠪᠦᠲᠦᠭᠡᠭ᠍ᠳᠡᠭᠦᠨ ᠪᠠ 《ᠭᠤᠷᠪᠠᠨ ᠪᠦᠲᠦᠭᠡᠭ᠍ᠳᠡᠭᠦᠨ ᠨᠢᠭᠡ ᠳᠡᠮᠳᠡᠭ》 ᠤ᠋ᠨ ᠬᠡᠪᠴᠢᠶᠡᠵᠢᠭ᠍ᠰᠡᠨ ᠦᠢᠯᠡᠳᠪᠦᠷᠢᠯᠡᠯ ᠤᠨ ᠭᠤᠤᠯ ᠴᠤᠬᠴᠠ ᠵᠢ ᠤᠷᠢᠳᠠᠪᠠᠷ ᠮᠦᠷᠳᠡᠨ ᠤᠯᠬᠤ ᠵᠢ ᠪᠡᠶᠡᠯᠡᠭᠦᠯᠦᠨ᠎ᠡ ᠭᠡᠵᠦ ᠬᠦᠳᠡᠭᠡ ᠠᠵᠦ ᠠᠬᠤᠢ ᠶᠢᠨ ᠶᠠᠮᠤᠨ ᠳᠤᠷᠠᠳᠴᠠᠢ᠃

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120498424