蒙古文网站Logo
ᠰᠢᠨᠬᠤᠸᠠ ᠮᠤᠩᠭ᠋ᠤᠯ ᠨᠧᠲ

1ᠳ᠋ᠤᠭᠡᠷ ᠰᠠᠷ᠎ᠠ ᠳᠤ ᠦᠪᠦᠷ ᠮᠤᠨᠭᠭᠤᠯ ᠤᠨ ᠭᠠᠳᠠᠭᠠᠳᠤ ᠠᠷᠠᠯᠵᠢᠶ᠎ᠠ ᠬᠤᠤᠰ ᠦᠰᠦᠯᠲᠡ ᠵᠢ ᠪᠡᠶᠡᠯᠡᠭᠦᠯᠦᠯ᠎ᠡ

2017-02-21 17:04

    ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠭᠠᠳᠠᠭᠠᠳᠤ ᠠᠷᠠᠯᠵᠢᠶ᠎ᠠ ᠬᠡᠳᠦᠢᠢᠪᠡᠷ ᠴᠠᠭᠠᠨ ᠰᠠᠷ᠎ᠠ ᠶᠢᠨ ᠠᠮᠠᠷᠠᠯᠲᠠ ᠶᠢᠨ ᠨᠦᠯᠦᠭᠡᠯᠡᠯ ᠢ ᠬᠦᠷᠲᠡᠭᠰᠡᠨ ᠪᠤᠯᠪᠠᠴᠤ ᠢᠮᠫᠤᠷᠲ᠋ᠯᠠᠬᠰᠠᠨ ᠪᠠ ᠢᠺᠫᠤᠷᠲ᠋ᠯᠠᠬᠰᠠᠨ ᠬᠡᠮᠵᠢᠶ᠎ᠠ ᠪᠦᠷ ᠨᠡᠮᠡᠭᠳᠡᠵᠦ᠂ ᠰᠢᠨ᠎ᠡ ᠤᠨ ᠳᠤ ᠰᠠᠶᠢᠨ ᠡᠬᠢᠯᠡᠯᠲᠡ ᠲᠠᠢ ᠪᠤᠯᠵᠠᠢ᠃

    ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠯ ᠢ ᠦᠨᠳᠦᠰᠦᠯᠡᠪᠡᠯ᠂ 2017 ᠤᠨ ᠤ 1 ᠳ᠋ᠤᠭᠡᠷ ᠰᠠᠷ᠎ᠠ ᠳᠤ ᠦᠪᠦᠷ ᠮᠤᠨᠭᠭᠤᠯ ᠤᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠢ ᠦᠷᠲᠡᠭ 10.6 ᠳ᠋ᠦ᠋ᠩᠰᠢᠭᠤᠷ ᠲᠦᠬᠦᠷᠢᠭ᠌ ᠲᠤ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ 18.0% ᠪᠡᠷ ᠨᠡᠮᠡᠭᠳᠡᠵᠦ᠂ ᠨᠡᠮᠡᠭᠳᠡᠯ ᠨᠢ ᠤᠯᠤᠰ ᠳᠠᠶᠠᠭᠠᠷ ᠤᠨ ᠨᠡᠮᠡᠭᠳᠡᠯ ᠡᠴᠡ 6.6 ᠵᠠᠭᠤᠨ ᠤ ᠨᠢᠭᠡᠴᠢ ᠦᠨᠳᠦᠷ ᠪᠠᠶᠢᠪᠠ᠃ ᠡᠭᠦᠨ ᠳᠤ ᠢᠮᠫᠤᠷᠲ᠋ᠯᠠᠬᠰᠠᠨ ᠨᠢ 7.0 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 26.5% ᠪᠡᠷ ᠨᠡᠮᠡᠭᠳᠡᠵᠦ᠂ ᠢᠺᠫᠤᠷᠲ᠋ᠯᠠᠬᠰᠠᠨ ᠨᠢ 3.6 ᠳ᠋ᠦ᠋ᠩᠰᠢᠭᠤᠷ ᠲᠦᠭᠦᠷᠢᠭ᠌᠂ ᠦᠩᠭᠡᠷᠡᠭᠰᠡᠨ ᠤᠨ ᠤ ᠮᠦᠨ ᠦᠶ᠎ᠡ ᠡᠴᠡ 4.3% ᠪᠡᠷ ᠨᠡᠮᠡᠭᠳᠡᠵᠡᠢ᠃ ᠭᠠᠳᠠᠭᠠᠳᠤ ᠠᠷᠠᠯᠵᠢᠶᠠᠨ ᠤ ᠶᠡᠷᠦᠩᠬᠡᠢ ᠦᠷᠲᠡᠭ ᠪᠤᠯᠤᠨ ᠢᠮᠫᠤᠷᠲ᠋ᠯᠠᠬᠰᠠᠨ ᠦᠷᠲᠡᠭ᠂ ᠢᠺᠫᠤᠷᠲ᠋ᠯᠠᠬᠰᠠᠨ ᠦᠷᠲᠡᠭ ᠨᠢ ᠤᠯᠤᠰ ᠤᠨ ᠲᠤᠳᠤᠷ᠎ᠠ ᠲᠤᠰᠪᠤᠷᠢ 25᠂22᠂27 ᠳ᠋ᠤ ᠪᠠᠶᠢᠷᠢᠯᠠᠵᠦ᠂ ᠢᠮᠫᠤᠷᠲ᠋ᠯᠠᠬᠰᠠᠨ ᠦᠷᠲᠡᠭ ᠨᠢ 2 ᠨᠡᠷ᠎ᠡ ᠳᠠᠪᠰᠢᠵᠠᠢ᠃ ᠪᠠᠷᠠᠭᠤᠨ ᠤᠷᠤᠨ ᠤ 12 ᠮᠤᠵᠢ ᠬᠤᠲᠠ ᠶᠢᠨ ᠲᠤᠳᠤᠷ᠎ᠠ ᠭᠠᠳᠠᠭᠠᠳᠤ ᠠᠷᠠᠯᠵᠢᠶᠠᠨ ᠤ ᠶᠡᠷᠦᠩᠬᠡᠢ ᠦᠷᠲᠡᠭ ᠪᠤᠯᠤᠨ ᠢᠮᠫᠤᠷᠲ᠋ᠯᠠᠬᠰᠠᠨ ᠦᠷᠲᠡᠭ᠂ ᠢᠺᠫᠤᠷᠲ᠋ᠯᠠᠬᠰᠠᠨ ᠦᠷᠲᠡᠭ ᠨᠢ ᠲᠤᠰᠪᠦᠷᠢ 7᠂6᠂8 ᠳ᠋ᠤ ᠪᠠᠶᠢᠷᠢᠯᠠᠬᠰᠠᠨ ᠪᠠᠶᠢᠨ᠎ᠠ᠃

ᠢᠷᠡᠯᠳᠡ᠄ ᠦᠪᠦᠷ ᠮᠤᠨᠭᠭᠤᠯ ᠤᠨ ᠡᠳᠦᠷ ᠤᠨ ᠰᠤᠨᠢᠨ ᠤ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120505319