蒙古文网站Logo
ᠰᠢᠨᠬᠤᠸᠠ ᠮᠤᠩᠭ᠋ᠤᠯ ᠨᠧᠲ

ᠤᠷᠤᠰ ᠤᠨ ᠴᠢᠯᠠᠭᠤᠨ ᠳᠤᠰᠤᠨ ᠤ ᠰᠢᠩᠬᠡᠨ ᠬᠡᠢ ᠶᠢ ᠪᠠᠶᠢᠩᠭᠤ ᠢᠮᠫᠤᠷᠲ᠋ᠯᠠᠬᠤ ᠪᠤᠯᠪᠠ

2017-02-22 11:28

    ᠰᠢᠨᠬᠤᠧᠠ ᠬᠤᠷᠢᠶ᠎ᠠ   ᠬᠦᠬᠡᠬᠤᠳᠠ ᠶᠢᠨ 2 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠸᠠᠩ ᠵᠢᠩ) ᠰᠤᠷᠪᠤᠯᠵᠢᠯᠠᠭᠴᠢ 21 ᠤ ᠡᠳᠦᠷ ᠦᠪᠦᠷ ᠮᠤᠩᠭᠤᠯ ᠤᠨ ᠬᠢᠯᠢ ᠶᠢᠨ ᠪᠤᠭᠤᠮᠳᠠ ᠶᠢᠨ ᠬᠢᠨᠠᠯᠳᠠ ᠶᠢᠨ ᠠᠯᠪᠠᠨ ᠡᠴᠡ ᠤᠶᠢᠯᠠᠭᠠᠭᠰᠠᠨ ᠢᠶᠡᠷ᠂ ᠰᠠᠶ᠊ᠢᠬᠠᠨ 32.5 ᠲᠤᠨ ᠤ ᠬᠦᠨᠳᠦ ᠲᠠᠢ᠂ 1.51 ᠳᠦᠮᠡᠨ ᠳ᠋ᠤᠯᠯᠠᠷ ᠤᠨ ᠦᠷᠳᠡᠭ ᠪᠦᠬᠦᠢ ᠤᠷᠤᠰ ᠤᠨ ᠴᠢᠯᠠᠭᠤᠨ ᠳᠤᠰᠤᠨ ᠤ ᠰᠢᠩᠬᠡᠨ ᠬᠡᠢ ᠶᠢ ᠠᠴᠢᠭᠰᠠᠨ ᠬᠤᠶᠠᠷ ᠮᠠᠰᠢᠨ ᠳᠤᠮᠳᠠᠳᠤ ᠤᠷᠤᠰ ᠤᠨ ᠬᠠᠮᠤᠭ ᠤᠨ ᠳᠤᠮᠤ ᠬᠠᠭᠤᠷᠠᠢ ᠬᠠᠮ ᠤᠨ ᠪᠤᠭᠤᠮᠳᠠ ᠪᠤᠯᠬᠤ ᠮᠠᠨᠵᠤᠤᠷ ᠪᠤᠭᠤᠮᠳᠠ ᠪᠡᠷ ᠤᠷᠤᠵᠤ ᠢᠷᠡᠭᠰᠡᠨ ᠪᠠᠶᠢᠨ᠎ᠠ᠃ ᠡᠨᠡ ᠨᠢ ᠤᠷᠤᠰ ᠤᠨ ᠴᠢᠯᠠᠭᠤᠨ ᠳᠤᠰᠤᠨ ᠤ ᠰᠢᠩᠬᠡᠨ ᠬᠡᠢ ᠶᠢ ᠳᠤᠮᠳᠠᠳᠤ ᠤᠯᠤᠰ ᠡᠴᠡ ᠪᠠᠶᠢᠩᠭᠤ ᠢᠮᠫᠤᠷᠲᠯᠠᠬᠤ ᠪᠤᠯᠤᠭᠰᠠᠨ ᠢ ᠬᠠᠷᠠᠭᠤᠯᠵᠤ ᠪᠠᠶᠢᠭ᠎ᠠ ᠶᠤᠮ᠃

    ᠤᠶᠢᠯᠠᠭᠠᠭᠰᠠᠨ ᠢᠶᠡᠷ᠂ ᠡᠨᠡᠬᠦ ᠢᠮᠫᠤᠷᠲ ᠨᠢ 2015 ᠤᠨ ᠤ ᠳᠤᠷᠰᠢᠯᠳᠠ ᠶᠢᠨ ᠰᠢᠨᠵᠢᠳᠡᠢ ᠢᠮᠫᠤᠷᠲ ᠤᠨ ᠳᠠᠷᠠᠭᠠᠬᠢ 2017 ᠤᠨ ᠳ᠋ᠡᠬᠢ ᠠᠩᠬᠠᠨ ᠤ ᠠᠯᠪᠠᠨ ᠶᠤᠰᠤᠨ ᠤ ᠢᠮᠫᠤᠷᠲ ᠪᠤᠯᠤᠨ᠎ᠠ᠃ ᠴᠢᠯᠠᠭᠤᠨ ᠳᠤᠰᠤᠨ ᠤ ᠰᠢᠩᠬᠡᠨ ᠬᠡᠢ ᠨᠢ ᠠᠶᠤᠯᠳᠠᠢ ᠬᠢᠮᠢ ᠶᠢᠨ ᠪᠤᠳᠠᠰ ᠪᠤᠯᠤᠨ᠎ᠠ᠂ ᠤᠯᠤᠰ ᠤᠨ ᠬᠠᠭᠠᠯᠭ᠎ᠠ ᠶᠢᠨ ᠠᠶᠤᠯᠬᠦᠢ ᠶᠢ ᠪᠠᠳᠤᠯᠠᠬᠤ ᠶᠢᠨ ᠳᠦᠯᠦᠬᠡ ᠦᠪᠦᠷ ᠮᠤᠩᠭᠤᠯ ᠤᠨ ᠬᠢᠯᠢ ᠶᠢᠨ ᠪᠤᠭᠤᠮᠳᠠ ᠶᠢᠨ ᠬᠢᠨᠠᠯᠳᠠ ᠶᠢᠨ ᠠᠯᠪᠠ ᠨᠢ ᠠᠶᠤᠯᠬᠦᠢ ᠶᠢᠨ ᠬᠢᠨᠠᠨ ᠬᠠᠮᠢᠶᠠᠷᠤᠯᠳᠠ ᠪᠡᠨ ᠴᠢᠩᠭᠠᠳᠬᠠᠬᠤ ᠶᠢᠨ ᠵᠡᠷᠬᠡᠴᠡᠬᠡ ᠬᠤᠳᠠᠯᠳᠤᠭᠠᠨ ᠤ ᠠᠵᠢᠯ ᠬᠡᠷᠡᠭ ᠤᠨ ᠯᠠᠪᠯᠠᠯᠭ᠎ᠠ ᠬᠠᠩᠭᠠᠬᠤ ᠪᠡᠷ ᠪᠡᠯᠡᠨ ᠪᠤᠢ᠃ ᠤᠴᠢᠷ ᠨᠢ ᠡᠨᠡᠬᠦ ᠢᠮᠫᠤᠷᠲ ᠪᠠᠶᠢᠩᠭᠤ ᠶᠢᠨ ᠰᠢᠨᠵᠢᠳᠡᠢ ᠪᠤᠯᠬᠤ ᠶᠢ ᠳᠠᠭᠠᠯᠳᠤᠨ ᠴᠢᠯᠠᠭᠤᠨ ᠳᠤᠰᠤᠨ ᠤ ᠰᠢᠩᠬᠡᠨ ᠬᠡᠢ ᠶᠢᠨ ᠬᠡᠷᠡᠭᠯᠡᠬᠡ ᠴᠤ ᠳᠠᠰᠤᠷᠠᠯ ᠦᠬᠡᠢ ᠨᠡᠮᠡᠭᠳᠡᠬᠦ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701120509968