蒙古文网站Logo
ᠰᠢᠨᠬᠤᠸᠠ ᠮᠤᠩᠭ᠋ᠤᠯ ᠨᠧᠲ

ᠡᠷᠢᠶᠡᠨ ᠬᠤᠲᠠ ᠶᠢᠨ 1 ᠰᠠᠷ᠎ᠠ ᠳ᠋ᠡᠬᠢ ᠮᠣᠩᠭᠣᠯ ᠤᠷᠤᠰ ᠯᠤᠭ᠎ᠠ ᠶᠢᠨ ᠡᠺᠰᠫᠤᠷᠲ᠋ ᠢᠮᠫᠤᠷᠲ ᠬᠤᠳᠠᠯᠳᠤᠭᠠᠨ ᠤ ᠪᠠᠶᠢᠳᠠᠯ

2017-02-22 17:03

    1 ᠰᠠᠷ᠎ᠠ ᠳᠤ᠂ ᠡᠷᠢᠶᠡᠨ ᠬᠤᠲᠠ ᠶᠢᠨ ᠪᠤᠭᠤᠮᠲᠠ ᠪᠡᠷ ᠮᠣᠩᠭᠣᠯ ᠤᠯᠤᠰ ᠡᠴᠡ ᠡᠺᠰᠫᠤᠷᠲ᠋ᠯᠠᠵᠤ ᠢᠮᠫᠤᠷᠲ᠋ᠯᠠᠭᠰᠠᠨ ᠬᠤᠳᠠᠯᠳᠤᠭᠠᠨ ᠤ ᠦᠷᠲᠡᠭ 8.5 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 34% ᠪᠡᠷ ᠨᠡᠮᠡᠭᠳᠡᠨ᠂ ᠠᠳᠠᠯᠢ ᠬᠤᠭᠤᠴᠠᠭᠠᠨ ᠳᠡᠬᠢ ᠡᠷᠢᠶᠡᠨ ᠬᠤᠲᠠ ᠶᠢᠨ ᠪᠤᠭᠤᠮᠲᠠ ᠶᠢᠨ ᠭᠠᠳᠠᠭᠠᠲᠤ ᠬᠤᠳᠠᠯᠳᠤᠭᠠᠨ ᠤ ᠶᠡᠷᠦᠩᠬᠡᠢ ᠦᠷᠲᠡᠭ ᠤᠨ 68.9% ᠶᠢ ᠡᠵᠡᠯᠡᠪᠡ᠃ ᠡᠭᠦᠨ ᠳᠤ᠂ ᠢᠮᠫᠤᠷᠲ᠋ᠯᠠᠭᠰᠡᠨ  ᠬᠤᠳᠠᠯᠳᠤᠭᠠᠨ ᠤ ᠦᠷᠲᠡᠭ 5.9% ᠳ᠋ᠦᠩᠰᠢᠭᠤᠷ ᠲᠦᠬᠦᠷᠢᠭ᠌ ᠲᠤ ᠬᠦᠷᠴᠤ 22.8% ᠪᠡᠷ ᠨᠡᠮᠡᠭᠳᠡᠨ᠂ ᠡᠺᠰᠫᠤᠷᠲ᠋ᠯᠠᠭᠰᠡᠨ ᠬᠤᠳᠠᠯᠳᠤᠭᠠᠨ ᠤ ᠦᠷᠲᠡᠭ 2.6 ᠳ᠋ᠦᠩᠰᠢᠭᠤᠷ ᠲᠦᠬᠦᠷᠢᠭ᠌ ᠲᠤ ᠬᠦᠷᠴᠤ 68.8% ᠪᠡᠷ ᠨᠡᠮᠡᠭᠳᠡᠭᠰᠡᠨ ᠪᠠᠶᠢᠨ᠎ᠠ᠃

    1 ᠰᠠᠷ᠎ᠠ ᠳᠤ᠂ ᠡᠷᠢᠶᠡᠨ ᠬᠤᠲᠠ ᠶᠢᠨ ᠪᠤᠭᠤᠮᠲᠠ ᠢᠶᠡᠷ ᠤᠷᠤᠰ ᠡᠴᠡ ᠡᠺᠰᠫᠤᠷᠲ᠋ᠯᠠᠵᠤ ᠢᠮᠫᠤᠷᠲ᠋ᠯᠠᠭᠰᠠᠨ ᠬᠤᠳᠠᠯᠳᠤᠭᠠᠨ ᠤ ᠦᠷᠲᠡᠭ 3.8 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠤᠨ ᠬᠢ ᠡᠴᠡ 4.9% ᠪᠡᠷ ᠨᠡᠮᠡᠭᠳᠡᠨ᠂ ᠠᠳᠠᠯᠢ ᠬᠤᠭᠤᠴᠠᠭᠠᠨ ᠳᠡᠬᠢ ᠡᠷᠢᠶᠡᠨ ᠬᠤᠲᠠ ᠶᠢᠨ ᠪᠤᠭᠤᠮᠲᠠ ᠶᠢᠨ ᠭᠠᠳᠠᠭᠠᠲᠤ ᠬᠤᠳᠠᠯᠳᠤᠭᠠᠨ ᠤ ᠶᠡᠷᠦᠩᠬᠡᠢ ᠦᠷᠲᠡᠭ ᠤᠨ 31% ᠶᠢ ᠡᠵᠡᠯᠡᠪᠡ᠃ ᠡᠭᠦᠨ ᠳᠤ᠂ ᠢᠮᠫᠤᠷᠲ᠋ᠯᠠᠭᠰᠡᠨ ᠬᠤᠳᠠᠯᠳᠤᠭᠠᠨ ᠤ ᠦᠷᠲᠡᠭ3.3% ᠳ᠋ᠦᠩᠰᠢᠭᠤᠷ ᠲᠦᠬᠦᠷᠢᠭ᠌ ᠲᠤ ᠬᠦᠷᠴᠤ 13.2% ᠪᠡᠷ ᠨᠡᠮᠡᠭᠳᠡᠨ᠂ ᠡᠺᠰᠫᠤᠷᠲ᠋ᠯᠠᠭᠰᠡᠨ ᠬᠤᠳᠠᠯᠳᠤᠭᠠᠨ ᠤ ᠦᠷᠲᠡᠭ0.5 ᠳ᠋ᠦᠩᠰᠢᠭᠤᠷ ᠲᠦᠬᠦᠷᠢᠭ᠌ ᠲᠤ ᠬᠦᠷᠴᠤ 29.9% ᠪᠡᠷ ᠪᠠᠭᠤᠷᠠᠭᠰᠠᠨ ᠪᠠᠶᠢᠨ᠎ᠠ᠃ 1 ᠰᠠᠷ᠎ᠠ ᠳᠤ ᠮᠣᠩᠭᠣᠯ ᠡᠴᠡ ᠢᠮᠫᠤᠷᠲ᠋ᠯᠠᠭᠰᠡᠨ ᠵᠠᠰ ᠤᠨ ᠬᠦᠳᠡᠷ᠂ ᠲᠡᠮᠦᠷ ᠤᠨ ᠬᠦᠲᠡᠷ᠂ ᠴᠠᠶᠢᠷ ᠤᠨ ᠬᠦᠳᠡᠷ ᠮᠡᠳᠡᠭᠳᠡᠮ᠎ᠠ ᠨᠡᠮᠡᠭᠳᠡᠵᠤ᠂ ᠤᠷᠤᠰ ᠡᠴᠡ ᠢᠮᠫᠤᠷᠲ᠋ᠯᠠᠭᠰᠡᠨ ᠴᠠᠭᠠᠰᠤᠨ ᠰᠢᠬᠠᠳᠠᠰᠤ᠂ ᠮᠤᠳᠤᠨ ᠬᠠᠪᠲᠠᠰᠤ ᠦᠷᠭᠦᠯᠵᠢᠯᠠᠨ ᠨᠡᠮᠡᠭᠳᠡᠭᠰᠠᠨ ᠪᠠᠶᠢᠨ᠎ᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠵᠠᠰᠠᠭ ᠤᠨ ᠤᠷᠳᠤᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120512051