蒙古文网站Logo
ᠰᠢᠨᠬᠤᠸᠠ ᠮᠤᠩᠭ᠋ᠤᠯ ᠨᠧᠲ

ᠠᠨᠭᠬᠠᠳᠤᠭᠠᠷ ᠬᠤᠭᠤᠴᠠᠭᠠᠨ ᠤ ᠠᠵᠦ ᠠᠬᠤᠶᠢᠯᠠᠯ ᠤᠨ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠹᠤᠷᠦ᠋ᠮ ᠪᠡᠭᠡᠵᠢᠩ ᠳᠤ ᠪᠤᠯᠪᠠ

2017-02-24 11:14

    ᠰᠢᠨᠬᠤᠸᠠ ᠬᠤᠷᠢᠶ᠎ᠠ  ᠪᠡᠭᠡᠵᠢᠩ ᠤᠨ 2 ᠰᠠᠷ᠎᠎᠎᠎᠎᠎ᠠ᠎ ᠶᠢᠨ 23 ᠤ᠋ ᠡᠳᠦᠷ ᠤᠨ ᠴᠠᠬᠢᠯᠭᠠᠨ ᠮᠠᠳᠡᠭᠡ(ᠰᠤᠷᠪᠤᠯᠵᠢᠯᠠᠬᠴᠢ ᠯᠢ ᠶᠠᠨ ᠰᠢᠶᠠ) 《ᠰᠢᠨ᠎ᠡ ᠬᠦᠳᠡᠯᠬᠦ ᠡᠨᠧᠷᠬᠢ ᠵᠢ ᠦᠭᠡᠷᠡᠴᠢᠯᠡᠵᠦ ᠬᠠᠨᠭᠭᠠᠯᠭ᠎ᠠ ᠶᠢᠨ ᠲᠠᠯ᠎ᠠ ᠵᠢ ᠰᠢᠯᠢᠳᠡᠭ᠍ᠵᠢᠭᠦᠯᠬᠦ》ᠪᠡᠷ ᠰᠡᠳᠦᠪᠯᠡᠭ᠍ᠰᠡᠨ ᠠᠨᠭᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠵᠦ ᠠᠬᠤᠶᠢᠯᠠᠯ ᠤᠨ ᠦᠭᠡᠷᠡᠴᠢᠯᠡᠯᠲᠡ ᠬᠦᠭ᠍ᠵᠢᠭᠦᠯᠦᠯᠲᠡ ᠶᠢᠨ ᠹᠤᠷᠦ᠋ᠮ 23 ᠤ᠋ ᠡᠳᠦᠷ ᠪᠡᠭᠡᠵᠢᠩ ᠬᠤᠲᠠ ᠳᠤ ᠪᠤᠯᠵᠦ ᠦᠩᠭᠡᠷᠡᠪᠡ᠃ ᠲᠤᠰ ᠠᠵᠢᠯ ᠤᠨ ᠬᠦᠷᠢᠶᠡᠨ ᠳᠡᠬᠢ ᠡᠷᠳᠡᠮᠳᠡᠨ ᠮᠡᠷᠭᠡᠵᠢᠯᠲᠡᠳ ᠬᠠᠮᠲᠤᠪᠡᠷ ᠠᠵᠦ ᠠᠬᠤᠶᠢᠯᠠᠯ ᠢ ᠬᠦᠨᠵᠡᠭᠡᠢ ᠦᠭᠡᠷᠡᠴᠢᠯᠡᠬᠦ᠂ ᠪᠦᠲᠦᠴᠡ ᠵᠢ ᠲᠤᠬᠢᠷᠠᠭᠤᠯᠬᠤ᠂ ᠬᠦᠭ᠍ᠵᠢᠯᠲᠡ ᠶᠢᠨ ᠬᠡᠯᠪᠡᠷᠢ ᠵᠢ ᠬᠤᠪᠢᠷᠡᠠᠭᠤᠯᠬᠤ ᠵᠡᠷᠭᠡ ᠲᠠᠯ᠎ᠠ ᠪᠡᠷ ᠠᠷᠭ᠎ᠠ ᠤᠬᠠᠭᠠᠨ ᠰᠡᠳᠦᠵᠡᠢ᠃

    ᠹᠤᠷᠦ᠋ᠮ ᠳᠡᠭᠡᠷ᠎ᠡ《ᠳᠤᠮᠳᠠᠳᠤ ᠤᠯᠤᠰ ᠤᠨ ᠤᠨᠴᠠᠯᠢᠬᠲᠤ ᠤᠯᠤᠰ ᠤᠨ ᠦᠮᠴᠢᠯᠠᠯᠲᠤ ᠠᠵᠦ ᠠᠬᠤᠶᠢᠯᠠᠯ ᠤᠨ ᠦᠭᠡᠷᠡᠴᠢᠯᠡᠯᠲᠡ ᠶᠢᠨ ᠵᠠᠮ》ᠭᠡᠬᠦ ᠭᠤᠤᠯ ᠰᠡᠳᠦᠪᠲᠤ ᠲᠠᠶᠢᠯᠤᠨ  ᠢ ᠨᠡᠶᠢᠲᠡᠯᠡᠵᠦ᠂ ᠲᠠᠶᠢᠯᠤᠨ ᠳᠤ ᠳᠤᠮᠳᠠᠳᠤ ᠤᠯᠤᠰ ᠤᠨ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠰᠢᠨ᠎᠎ᠡ ᠡᠭᠡᠯᠵᠢ ᠶᠢᠨ ᠦᠭᠡᠷᠡᠴᠢᠯᠡᠯᠲᠡ ᠡᠬᠢᠯᠡᠭᠰᠡᠨ᠂ ᠳᠤᠮᠳᠠᠳᠤ ᠤᠯᠤᠰ ᠤᠨ ᠤᠨᠴᠠᠯᠢᠬᠲᠤ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠦᠭᠡᠷᠡᠴᠢᠯᠡᠯᠲᠡ ᠵᠢ ᠪᠦᠬᠦ ᠲᠠᠯ᠎ᠠ ᠪᠡᠷ ᠠᠵᠢᠯᠯᠠᠭᠤᠯᠤᠭᠰᠠᠨ ᠪᠤᠯᠤᠨ 2017 ᠤᠨ ᠳᠤ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠦᠭᠡᠷᠡᠴᠢᠯᠡᠯᠲᠡ ᠵᠢ ᠡᠷᠴᠢᠮᠵᠢᠭᠦᠯᠬᠦ ᠵᠡᠷᠭᠡ ᠭᠤᠷᠪᠠᠨ ᠲᠠᠯ᠎ᠠ ᠪᠡᠷ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠦᠭᠡᠷᠡᠴᠢᠯᠡᠯᠲᠡ ᠶᠢᠨ ᠦᠩᠭᠡᠷᠡᠭᠰᠡᠨ ᠢ ᠡᠷᠭᠢᠴᠡᠭᠦᠯᠬᠦ ᠪᠠ ᠢᠷᠡᠭᠡᠳᠦᠢ ᠵᠢ ᠪᠠᠷᠠᠯᠠᠵᠦ᠂ 2017 ᠤᠨ ᠋ᠳ᠋ᠤ ᠡᠯ᠎ᠡ ᠲᠦᠷᠦᠯ ᠤᠨ ᠦᠭᠡᠷᠡᠴᠢᠯᠡᠯᠲᠡ ᠶᠢᠨ ᠠᠷᠭ᠎ᠠ ᠪᠤᠳᠤᠯᠭ᠎ᠠ ᠵᠢ ᠡᠷᠬᠡᠪᠰᠢ ᠰᠠᠶᠢᠲᠤᠷ ᠲᠤᠤᠱᠯᠠᠭᠤᠯᠬᠤ ᠵᠢ ᠳᠤᠷᠠᠳᠴᠠᠢ᠃

    ᠲᠤᠰ ᠤᠳᠠᠭᠠᠨ ᠤ ᠹᠤᠷᠦ᠋ᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠤ ᠬᠦᠷᠦᠩᠭᠡ ᠵᠢ ᠬᠢᠨᠠᠨ ᠬᠠᠮᠢᠶᠠᠷᠬᠤ ᠵᠦᠪᠯᠡᠯ ᠤᠨ ᠮᠡᠳᠡᠭᠡ ᠮᠡᠳᠡᠭᠡᠯᠡᠯ ᠤᠨ ᠲᠦᠪ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠤ ᠬᠦᠷᠦᠩᠭᠡ ᠵᠢ ᠬᠢᠨᠠᠨ ᠬᠠᠮᠢᠶᠠᠷᠬᠤ ᠵᠦᠪᠯᠡᠯ ᠤᠨ ᠰᠤᠳᠤᠯᠭᠠᠨ ᠤ ᠲᠦᠪ᠂ ᠰᠢᠨᠬᠤᠸᠠ ᠬᠤᠷᠢᠶᠠᠨ ᠤ 《ᠡᠳ᠋ ᠤᠨ ᠵᠠᠰᠠᠬ ᠯᠠᠪᠯᠠᠯᠲᠠ ᠶᠢᠨ ᠰᠤᠨᠢᠨ》 ᠤ᠋ ᠬᠤᠷᠢᠶ᠎ᠠ ᠡᠴᠡ ᠰᠠᠨᠠᠭᠠᠴᠢᠯᠠᠨ ᠵᠤᠬᠢᠶᠠᠨ ᠪᠠᠶᠢᠭᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120523447