蒙古文网站Logo
ᠰᠢᠨᠬᠤᠸᠠ ᠮᠤᠩᠭ᠋ᠤᠯ ᠨᠧᠲ

ᠵᠡᠭᠦᠨ ᠬᠠᠳᠠᠪᠴᠢ ᠪᠤᠭᠤᠮᠲᠠ ᠪᠡᠷ 700 ᠭᠠᠷᠤᠢ ᠲᠤᠨ ᠮᠤᠨᠭᠭᠤᠯ ᠤᠯᠤᠰ ᠤᠨ ᠡᠪᠡᠰᠦ ᠤᠷᠤᠭᠤᠯᠤᠯ᠎ᠠ

2017-02-27 11:05

    2 ᠳ᠋ᠤᠭᠠᠷ ᠰᠠᠷ᠎ᠠ ᠶᠢᠨ 24 ᠤ᠋ ᠡᠳᠦᠷ᠂ ᠮᠠᠨ ᠤ ᠤᠯᠤᠰ ᠤᠨ ᠡᠨᠡ ᠵᠢᠯ ᠤᠨ ᠠᠨᠭᠬᠠᠨ ᠤ ᠪᠦᠯᠦᠭ 700 ᠭᠠᠷᠤᠢ ᠲᠤᠨ ᠮᠤᠨᠭᠭᠤᠯ ᠤᠯᠤᠰ ᠤᠨ ᠡᠪᠡᠰᠦ ᠵᠢ ᠠᠴᠢᠶᠠᠯᠠᠬᠰᠠᠨ 24 ᠮᠠᠰᠢᠨ ᠵᠡᠭᠦᠨ ᠬᠠᠳᠠᠪᠴᠢ ᠪᠤᠭᠤᠮᠲᠠ ᠳᠤ ᠵᠤᠬᠰᠤᠵᠦ᠂ ᠬᠠᠮᠢᠶ᠎ᠠ ᠪᠦᠬᠦᠢ ᠭᠦᠢᠴᠡᠳᠬᠡᠯ᠂ ᠬᠢᠨᠠᠨ ᠰᠢᠯᠭᠠᠯᠲᠠ ᠪᠡᠷ ᠳᠠᠮᠵᠢᠨ ᠵᠡᠭᠦᠨ ᠬᠠᠳᠠᠪᠴᠢ ᠪᠤᠭᠤᠮᠲᠠ ᠶᠢᠨ ᠬᠢᠨᠠᠨ ᠪᠠᠶᠢᠴᠠᠭᠠᠵᠦ ᠬᠢᠵᠢᠭ᠌ ᠡᠴᠡ ᠰᠡᠷᠭᠡᠶᠢᠯᠡᠬᠦ ᠬᠦᠮᠦᠷᠭᠡ ᠳᠤ ᠤᠷᠤᠬᠰᠠᠨ ᠪᠠᠶᠢᠨ᠎ᠠ᠃

    ᠤᠶᠢᠯᠠᠭᠠᠬᠰᠠᠨ ᠢᠶᠡᠷ᠂ ᠡᠨᠡ ᠨᠢ ᠳᠤᠮᠳᠠᠳᠤ ᠤᠯᠤᠰ ᠪᠤᠯᠤᠨ ᠮᠤᠨᠭᠭᠤᠯ ᠤᠯᠤᠰ ᠤᠨ ᠬᠠᠮᠢᠶ᠎ᠠ ᠪᠦᠬᠦᠢ ᠭᠡᠷ᠎ᠡ ᠬᠡᠯᠡᠯᠴᠡᠭᠡᠷ ᠤᠨ ᠳᠠᠭᠠᠤ ᠵᠡᠭᠦᠨ ᠬᠠᠳᠠᠪᠴᠢ ᠪᠤᠭᠤᠮᠲᠠ ᠪᠡᠷ ᠪᠠᠶᠢᠨᠭᠭᠤ ᠶᠢᠨ ᠴᠢᠨᠠᠷᠲᠠᠢ ᠡᠪᠡᠰᠦ ᠤᠷᠤᠭᠤᠯᠬᠤ ᠪᠤᠯᠤᠬᠰᠠᠨ ᠤ ᠳᠠᠷᠠᠭᠠᠬᠢ ᠠᠨᠭᠬᠠᠨ ᠤ ᠪᠦᠯᠦᠭ ᠡᠪᠡᠰᠦ ᠪᠠᠶᠢᠵᠦ᠂ ᠡᠨᠡ ᠵᠢᠯ 20 ᠲᠦᠮᠡᠨ ᠲᠤᠨ ᠡᠪᠡᠰᠦ ᠤᠷᠤᠭᠤᠯᠬᠤ ᠪᠡᠷ ᠲᠦᠯᠦᠪᠯᠡᠵᠦ ᠪᠠᠶᠢᠨ᠎ᠠ᠃ ᠲᠤᠰ ᠡᠪᠡᠰᠦ ᠨᠢ ᠮᠠᠨ ᠤ ᠤᠷᠤᠨ ᠤ ᠪᠤᠷᠳᠤᠭ᠎ᠠ ᠳᠤᠲᠠᠬᠳᠠᠵᠦ ᠪᠠᠶᠢᠭ᠎ᠠ ᠪᠠᠶᠢᠳᠠᠯ ᠢ ᠠᠷᠭᠠᠴᠠᠭᠠᠵᠦ᠂ ᠮᠠᠯᠴᠢᠳ ᠤᠨ ᠡᠨᠡ ᠬᠠᠪᠤᠷ ᠢ ᠮᠡᠨᠳᠤ ᠦᠩᠭᠡᠷᠡᠭᠦᠯᠬᠦ ᠳᠤ ᠪᠠᠳᠤᠲᠠᠢ ᠳᠡᠮᠵᠢᠯᠭᠡ ᠦᠵᠡᠭᠦᠯᠬᠦ ᠪᠤᠯᠤᠨ᠎ᠠ᠃ ᠮᠠᠨ ᠤ ᠤᠯᠤᠰ 2015 ᠤᠨ ᠤ 11 ᠰᠠᠷ᠎ᠠ ᠶᠢᠨ 11 ᠤ᠋ ᠡᠳᠦᠷ ᠵᠡᠭᠦᠨ ᠬᠠᠳᠠᠪᠴᠢ ᠪᠤᠭᠤᠮᠲᠠ ᠪᠡᠷ ᠠᠨᠭᠬ᠎ᠠ ᠤᠳᠠᠭ᠎ᠠ ᠮᠤᠨᠭᠭᠤᠯ ᠤᠯᠤᠰ ᠡᠴᠡ ᠡᠪᠡᠰᠦ ᠤᠷᠤᠭᠤᠯᠵᠦ᠂ 2016 ᠤᠨ ᠤ 7 ᠳ᠋ᠤᠭᠠᠷ ᠰᠠᠷ᠎ᠠ ᠪᠤᠯᠲᠠᠯ᠎ᠠ ᠨᠡᠶᠢᠲᠡ 6.3 ᠲᠦᠮᠡᠨ ᠲᠤᠨ ᠡᠪᠡᠰᠦ ᠤᠷᠤᠭᠤᠯᠵᠠᠢ᠃

ᠢᠷᠡᠯᠳᠡ᠄ ᠲᠠᠯ᠎ᠠ ᠶᠢᠨ ᠳᠠᠭᠠᠤ ᠬᠤᠭᠤᠯᠠᠢ ᠷᠠᠳᠢᠤ᠋ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120535105