蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠳᠤᠲᠤᠭᠠᠳᠤᠬᠢ ᠪᠤᠯᠪᠠᠰᠤᠷᠠᠭᠤᠯᠤᠭᠰᠠᠨ ᠲᠤᠰᠤᠨ ᠦᠨ᠎ᠠ ᠶᠢᠨ ᠲᠤᠬᠢᠷᠠᠭᠤᠯᠤᠯᠲᠠ 2017ᠤᠨ ᠳᠤ ᠠᠩᠬ᠎ᠠ ᠤᠳᠠᠭ᠎ᠠ ᠰᠢᠪᠠᠷᠲᠠᠪᠠ

2017-03-01 16:25

    ᠰᠢᠨᠬᠤᠸᠠ ᠨᠧᠲ ᠪᠡᠭᠡᠵᠢᠩ ᠤᠨ 2 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ ᠤᠯᠤᠰ ᠤᠨ ᠦᠭᠡᠷᠡᠴᠢᠯᠡᠯᠲᠡ ᠬᠦᠭ᠍ᠵᠢᠭᠦᠯᠦᠯᠲᠠ ᠶᠢᠨ ᠵᠦᠪᠯᠡᠯ ᠤᠨ ᠨᠧᠲ 28 ᠤ ᠡᠳᠦᠷ ᠮᠡᠳᠡᠭᠡ ᠨᠡᠶᠢᠲᠡᠯᠡᠵᠤ ᠢᠯᠡᠷᠬᠡᠶᠢᠯᠡᠭᠰᠡᠨ ᠢᠶᠡᠷ᠂ ᠤᠯᠤᠰ ᠤᠨ ᠲᠤᠳᠤᠭᠠᠲᠤᠬᠢ ᠪᠤᠯᠪᠠᠰᠤᠷᠠᠭᠤᠯᠤᠭᠰᠠᠨ ᠲᠤᠰᠤᠨ ᠤ ᠦᠨ᠎ᠠ ᠡᠮᠦᠨ᠎ᠠ ᠤᠳᠠᠭ᠎ᠠ ᠶᠢᠨ ᠲᠤᠬᠢᠷᠠᠭᠤᠯᠤᠯᠲᠠ ᠡᠴᠡ ᠨᠠᠭᠠᠰᠢ᠂ ᠳᠡᠯᠡᠬᠡᠢ ᠶᠢᠨ ᠵᠠᠬ᠎ᠠ ᠵᠡᠭᠡᠯᠢ ᠶᠢᠨ ᠲᠤᠰᠤᠨ ᠤ ᠦᠨ᠎ᠠ ᠪᠠᠭ᠎ᠠ ᠬᠤᠪᠢᠷᠠᠯᠲᠠ ᠲᠠᠢ᠂ ᠲᠤᠬᠢᠷᠠᠭᠤᠯᠤᠭᠰᠠᠨ ᠲᠤᠰᠤᠨ ᠤ ᠦᠨ᠎ᠠ ᠲᠤᠨ ᠪᠦᠷᠢ ᠳᠦ ᠪᠡᠨ 50 ᠲᠦᠬᠦᠷᠢᠭ᠌ ᠬᠦᠷᠬᠦ ᠦᠭᠡᠢ᠃ ᠡᠨᠡ ᠤᠳᠠᠭᠠᠨ ᠤ ᠴᠢᠶᠤᠤ ᠴᠠᠶᠢᠶ᠊ᠢᠤ ᠶᠢᠨ ᠦᠨ᠎ᠠ ᠳᠤ ᠲᠤᠬᠢᠷᠠᠭᠤᠯᠤᠯᠲᠠ ᠬᠢᠬᠦ ᠦᠬᠡᠢ᠂ ᠲᠤᠬᠢᠷᠠᠭᠤᠯᠤᠯᠲᠠ ᠬᠢᠭ᠍ᠰᠡᠨ ᠦᠭᠡᠢ ᠮᠦᠩᠭᠦ ᠶᠢ ᠳᠠᠷᠠᠭ᠎ᠠ ᠤᠳᠠᠭᠠᠨ ᠤ ᠦᠨ᠎ᠠ ᠶᠢᠨ ᠲᠤᠬᠢᠷᠠᠭᠤᠯᠤᠯᠲᠠ ᠬᠢᠬᠦ ᠦᠶᠡᠰ ᠬᠤᠷᠠᠮᠳᠤᠭᠤᠯᠤᠨ ᠨᠡᠮᠡᠬᠦ ᠪᠤᠶᠤ ᠲᠤᠯᠭᠠᠨ ᠬᠠᠰᠤᠨ᠎ᠠ᠃ ᠡᠨᠡ ᠨᠢ ᠤᠯᠤᠰ ᠤᠨ ᠳᠤᠲᠤᠭᠠᠳᠤᠬᠢ ᠪᠤᠯᠪᠠᠰᠤᠷᠠᠭᠤᠯᠤᠭᠰᠠᠨ ᠲᠤᠰᠤᠨ ᠪ ᠦᠨ᠎ᠠ ᠶᠢᠨ ᠲᠤᠬᠢᠷᠠᠭᠤᠯᠤᠯᠲᠠ 2017ᠤᠨ ᠳᠤ ᠠᠩᠬ᠎ᠠ ᠤᠳᠠᠭ᠎ᠠ ᠰᠢᠪᠠᠷᠲᠠᠵᠠᠢ᠃

    ᠤᠯᠤᠰ ᠤᠨ ᠦᠭᠡᠷᠡᠴᠢᠯᠡᠯᠲᠡ ᠬᠦᠭ᠍ᠵᠢᠭᠦᠯᠦᠯᠲᠠ ᠶᠢᠨ ᠵᠦᠪᠯᠡᠯ ᠡᠴᠡ ᠪᠤᠯᠪᠠᠰᠤᠷᠠᠭᠤᠯᠤᠭᠰᠠᠨ ᠲᠤᠰᠤᠨ ᠤ ᠦᠨ᠎ᠠ ᠶᠢ ᠲᠤᠭᠲᠠᠭᠠᠵᠤ ᠪᠤᠢ ᠮᠠᠰᠢᠨ ᠤ ᠠᠵᠢᠯᠯᠠᠵᠤ ᠪᠠᠶᠢᠬᠤ ᠪᠠᠶᠢᠳᠠᠯ ᠢ ᠨᠠᠷᠢᠨ ᠮᠦᠷᠲᠡᠵᠤ᠂ ᠤᠯᠤᠰ ᠤᠨ ᠲᠤᠳᠤᠭᠠᠲᠤ ᠭᠠᠳᠠᠭᠠᠲᠤ ᠶᠢᠨ ᠴᠢᠯᠠᠭᠤᠨ ᠲᠤᠰᠤᠨ ᠤ ᠵᠠᠬ᠎ᠠ ᠵᠡᠭᠡᠯᠢ ᠶᠢᠨ ᠪᠠᠶᠢᠳᠠᠯ ᠤᠨ ᠬᠤᠪᠢᠷᠠᠯᠲᠠ ᠶᠢ ᠤᠶᠠᠯᠳᠤᠭᠤᠯᠤᠨ ᠤᠯᠠᠮ ᠴᠢᠨᠠᠭᠰᠢᠲᠠ ᠰᠤᠳᠤᠯᠤᠨ ᠲᠡᠭᠦᠯᠲᠡᠷᠵᠢᠭᠦᠯᠦᠨ᠎ᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120691120551512