蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ᠄ ᠬᠤᠷᠢᠨᠭᠡᠷ ᠡᠭᠦᠯᠡᠨ ᠪᠤᠳᠤᠯᠲᠠ ᠳ᠋ᠠᠶᠢᠲ᠋ᠠ ᠬᠦᠮᠦᠷᠭᠡ ᠶᠢᠨ ᠮᠧᠶᠢᠺᠧᠷ ᠲᠦᠪ 70 ᠭᠠᠷᠤᠢ ᠰᠢᠨᠵᠢᠯᠡᠬᠦ ᠲᠭ᠍ᠧᠨᠤᠯᠤᠬᠢ ᠶᠢᠨ ᠺᠤᠮᠫᠠᠨᠢ ᠲᠠᠢ ᠭᠡᠷ᠎ᠡ ᠪᠠᠶᠢᠭᠤᠯᠵᠠᠢ

2017-03-06 16:22

    ᠰᠤᠷᠪᠤᠯᠵᠢᠯᠠᠬᠴᠢ ᠦᠪᠦᠷ ᠮᠤᠨᠭᠭᠤᠯ ᠤᠨ ᠬᠤᠷᠢᠨᠭᠡᠷ ᠡᠭᠦᠯᠡᠨ ᠪᠤᠳᠤᠯᠲᠠ ᠳ᠋ᠠᠶᠢᠲ᠋ᠠ ᠬᠦᠮᠦᠷᠭᠡ ᠶᠢᠨ ᠮᠧᠶᠢᠺᠧᠷ(Mak-er) ᠲᠦᠪ ᠡᠴᠡ ᠤᠶᠢᠯᠠᠭᠠᠬᠰᠠᠨ ᠢᠶᠡᠷ᠂ ᠲᠤᠰ ᠮᠧᠶᠢᠺᠧᠷ ᠲᠦᠪ 2 ᠰᠠᠷ᠎ᠠ ᠶᠢᠨ 27 ᠤ᠋ ᠡᠳᠦᠷ ᠪᠤᠯᠲᠠᠯ᠎ᠠ ᠨᠡᠶᠢᠲᠡ 70 ᠭᠠᠷᠤᠢ ᠰᠢᠨᠵᠢᠯᠡᠬᠦ ᠲᠭ᠍ᠧᠨᠤᠯᠤᠬᠢ ᠶᠢᠨ ᠺᠤᠮᠫᠠᠨᠢ ᠲᠠᠢ ᠭᠡᠷ᠎ᠡ ᠪᠠᠶᠢᠭᠤᠯᠵᠦ᠂ ᠤᠳᠤ 30 ᠭᠠᠷᠤᠢ ᠠᠵᠦ ᠠᠬᠤᠶᠢᠯᠠᠯ ᠨᠢ ᠨᠢᠭᠡᠨᠲᠡ ᠡᠨᠡ ᠲᠦᠪ ᠲᠤ ᠨᠡᠭᠦᠨ ᠠᠯᠪᠠᠯᠠᠬᠰᠠᠨ ᠪᠠᠶᠢᠨ᠎ᠠ᠃ ᠤᠶᠢᠯᠠᠭᠠᠬᠰᠠᠨ ᠢᠶᠡᠷ᠂ ᠬᠤᠷᠢᠨᠭᠡᠷ ᠡᠭᠦᠯᠡᠨ ᠪᠤᠳᠤᠯᠲᠠ ᠳ᠋ᠠᠶᠢᠲ᠋ᠠ ᠬᠦᠮᠦᠷᠭᠡ ᠶᠢᠨ ᠮᠧᠶᠢᠺᠧᠷ ᠲᠦᠪ ᠨᠢ PPP ᠬᠡᠪ ᠵᠠᠬᠪᠤᠷ ᠢᠶᠡᠷ ᠪᠠᠶᠢᠭᠤᠯᠤᠬᠳᠠᠨ ᠠᠵᠢᠯᠯᠠᠵᠦ᠂ ᠤᠳᠤ ᠳᠠᠭᠠᠨ 33 ᠮᠦ ᠲᠠᠯᠠᠪᠠᠢ ᠡᠵᠡᠯᠡᠨ᠂ 3.93 ᠲᠦᠮᠡᠨ ᠺᠦᠸᠠᠳ᠋ ᠮᠧᠲ᠋ᠷ ᠲᠠᠯᠠᠪᠠᠢ ᠲᠠᠢ ᠪᠠᠶᠢᠭᠤᠯᠤᠬᠳᠠᠵᠦ᠂ ᠲᠦᠰᠦᠯ ᠤᠨ ᠶᠡᠷᠦᠩᠬᠡᠢ ᠬᠦᠷᠦᠩᠭᠡ ᠤᠷᠤᠭᠤᠯᠤᠯᠲᠠ ᠪᠠᠷᠤᠬ 3.3 ᠳ᠋ᠦ᠋ᠩᠰᠢᠭᠤᠷ ᠲᠦᠭᠦᠷᠢᠭ᠌᠂ ᠲᠦᠪᠯᠡᠷᠡᠭᠰᠡᠨ ᠠᠵᠦ ᠦᠢᠯᠡᠰ ᠤᠨ ᠪᠦᠰᠡ ᠶᠢᠨ ᠶᠡᠷᠦᠩᠬᠡᠢ ᠬᠦᠷᠦᠩᠭᠡ ᠤᠷᠤᠭᠤᠯᠤᠯᠲᠠ 700 ᠭᠠᠷᠤᠢ ᠳ᠋ᠦ᠋ᠩᠰᠢᠭᠤᠷ ᠲᠦᠭᠦᠷᠢᠭ᠌ ᠲᠤ ᠬᠦᠷᠴᠡᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120577551