蒙古文网站Logo
ᠰᠢᠨᠬᠤᠸᠠ ᠮᠤᠩᠭ᠋ᠤᠯ ᠨᠧᠲ

ᠡᠮᠦᠨ᠎᠎ᠡ ᠬᠤᠶᠠᠷ ᠰᠠᠷ᠎ᠠ  ᠳᠤ ᠦᠪᠦᠷ ᠮᠣᠩᠭᠣᠯ ᠤᠨ ᠢᠮᠫᠤᠷᠲ᠋᠂ ᠡᠭᠰᠫᠤᠷᠲ᠋ ᠤᠨ ᠨᠡᠶᠢᠲᠡ ᠦᠷᠲᠡᠭ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 30.2% ᠪᠡᠷ ᠨᠡᠮᠡᠭᠳᠡᠪᠡ

2017-03-20 12:00

    2017 ᠤᠨ ᠤ 1-2 ᠰᠠᠷ᠎ᠠ ᠳᠤ᠂ ᠦᠪᠦᠷ ᠮᠣᠩᠭᠣᠯ ᠤᠨ ᠢᠮᠫᠤᠷᠲ᠋᠂ ᠡᠭᠰᠫᠤᠷᠲ᠋ ᠤᠨ ᠨᠡᠶᠢᠲᠡ ᠦᠷᠲᠡᠭ 20.5 ᠳ᠋ᠦᠩᠰᠢᠭᠤᠷ ᠳ᠋ᠤᠯᠯᠠᠷ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 30.2% ᠪᠡᠷ ᠨᠡᠮᠡᠭᠳᠡᠨ᠂ ᠨᠡᠮᠡᠭᠳᠡᠴᠡ ᠨᠢ ᠨᠢᠭᠡᠳᠦᠭᠡᠷ ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠶᠢᠡᠷ 12.2 ᠨᠡᠮᠡᠭᠳᠡᠵᠤ ᠤᠯᠤᠰ ᠳᠠᠶᠠᠭᠠᠷ ᠤᠨ ᠳᠤᠮᠳᠠᠴᠢ ᠨᠡᠮᠡᠭᠳᠡᠴᠡ ᠡᠴᠡ ᠵᠠᠭᠤᠨ ᠤ ᠬᠠᠷᠢᠴᠠᠯ ᠶᠢᠡᠷ 16.9 ᠦᠨᠳᠦᠷ ᠪᠠᠶᠢᠯ᠎ᠠ᠃ ᠡᠭᠦᠨ ᠳᠤ᠂ ᠢᠮᠫᠤᠷᠲ᠋ᠯᠠᠭᠰᠠᠨ ᠬᠡᠮᠵᠢᠶ᠎ᠠ 13.2 ᠳ᠋ᠦᠩᠰᠢᠭᠤᠷ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 35% ᠪᠡᠷ ᠨᠡᠮᠡᠭᠳᠡᠨ᠂ ᠨᠢᠭᠡᠳᠦᠭᠡᠷ ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠶᠢᠡᠷ 8.5 ᠪᠡᠷ ᠨᠡᠮᠡᠭᠳᠡᠵᠠᠢ᠃ ᠡᠭᠰᠫᠤᠷᠲ᠋ᠯᠠᠭᠰᠠᠨ ᠬᠡᠮᠵᠢᠶ᠎ᠠ 7.3 ᠳ᠋ᠦᠩᠰᠢᠭᠤᠷ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 33.4% ᠪᠡᠷ ᠨᠡᠮᠡᠭᠳᠡᠨ᠂ ᠨᠢᠭᠡᠳᠦᠭᠡᠷ ᠰᠠᠷ᠎ᠠ ᠶᠢᠨ ᠬᠢ ᠡᠴᠡ ᠵᠠᠭᠤᠨ ᠤ ᠬᠠᠷᠢᠴᠠᠯ ᠶᠢᠡᠷ 18.1 ᠪᠡᠷ ᠨᠡᠮᠡᠭᠳᠡᠵᠠᠢ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120658689