蒙古文网站Logo
ᠰᠢᠨᠬᠤᠸᠠ ᠮᠤᠩᠭ᠋ᠤᠯ ᠨᠧᠲ

ᠡᠮᠦᠨ᠎ᠡ ᠬᠤᠶᠠᠷ ᠰᠠᠷ᠎ᠠ ᠳᠤ ᠰᠢᠯᠢ ᠶᠢᠨ ᠭᠤᠤᠯ ᠠᠶᠢᠮᠠᠭ ᠤᠨ ᠭᠤᠤᠯ ᠡᠳ᠋ ᠤᠨ ᠵᠠᠰᠠᠭ ᠤᠨ ᠵᠢᠭᠠᠯᠲᠠ ᠶᠢᠨ ᠪᠡᠶᠡᠯᠡᠭᠦᠯᠦᠭᠰᠡᠨ ᠪᠠᠶᠢᠳᠠᠯ

2017-03-21 16:10

    1 ᠡᠴᠡ 2 ᠰᠠᠷ᠎ᠠ ᠳᠤ᠂ ᠰᠢᠯᠢ ᠶᠢᠨ ᠭᠤᠤᠯ ᠠᠶᠢᠮᠠᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 94.96 ᠳ᠋ᠦᠩᠰᠢᠭᠤᠷ ᠲᠦᠬᠦᠷᠢᠭ᠌ ᠲᠤ ᠬᠦᠷᠴᠤ᠂ ᠨᠢᠳᠦᠨᠦᠨ ᠤ ᠬᠢ ᠡᠴᠡ 4.4% ᠪᠡᠷ ᠨᠡᠮᠡᠭᠳᠡᠪᠡ᠃ ᠠᠵᠤ ᠦᠢᠯᠡᠰ ᠤᠨ ᠬᠤᠪᠢᠶᠠᠷᠢᠯᠠᠯᠲᠠ ᠡᠴᠡ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠭᠰᠡᠨ ᠦᠷᠳᠡᠭ 2.27 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠨᠢᠳᠤᠨᠤᠨ ᠤ ᠬᠢ ᠡᠴᠡ 3.3% ᠪᠡᠷ ᠨᠡᠮᠡᠭᠳᠡᠵᠠᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠭᠰᠡᠨ ᠦᠷᠲᠡᠭ 58.79 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠨᠢᠳᠤᠨᠤᠨ ᠤ ᠬᠢ ᠡᠴᠡ 2.3% ᠪᠡᠷ ᠨᠡᠮᠡᠭᠳᠡᠭᠰᠡᠨ ᠪᠠᠶᠢᠨ᠎ᠠ᠃ ᠡᠬᠦᠨ ᠳᠤ᠂ ᠪᠦᠬᠦᠶᠢᠯᠠ ᠠᠵᠤ ᠦᠢᠯᠠᠳᠪᠦᠷᠢ ᠶᠢᠨ ᠨᠡᠮᠡᠭᠳᠡᠭᠰᠡᠨ ᠦᠷᠲᠡᠭ 57.64 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠨᠢᠳᠤᠨᠤᠨ ᠤ ᠬᠢ ᠡᠴᠡ 2.3% ᠪᠡᠷ ᠨᠡᠮᠡᠭᠳᠡᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠭᠰᠡᠨ ᠦᠷᠳᠡᠭ 33.9 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠨᠢᠳᠤᠨᠤᠨ ᠤ ᠬᠢ ᠡᠴᠡ 8.8% ᠪᠡᠷ ᠨᠡᠮᠡᠭᠳᠡᠵᠠᠢ᠃ ᠰᠢᠯᠢ ᠶᠢᠨ ᠭᠤᠤᠯ ᠠᠶᠢᠮᠠᠭ 3.18 ᠳ᠋ᠦᠩᠰᠢᠭᠤᠷ ᠲᠦᠬᠦᠷᠢᠭ᠌ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠵᠤ᠂ ᠨᠡᠶᠢᠲᠡ ᠶᠢᠨ ᠡᠳ᠋ ᠤᠨ ᠵᠠᠰᠠᠭ ᠤᠨ ᠲᠦᠰᠦᠪᠯᠡᠭᠰᠡᠨ ᠤᠷᠤᠯᠭ᠎ᠠ 16.3 ᠳ᠋ᠦᠩᠰᠢᠭᠤᠷ ᠲᠦᠬᠦᠷᠢᠭ᠌ ᠢ ᠪᠡᠶᠡᠯᠡᠭᠦᠯᠦᠨ᠂ ᠨᠢᠳᠤᠨᠤᠨ ᠤ ᠬᠢ ᠡᠴᠡ 31.2% ᠪᠡᠷ ᠨᠡᠮᠡᠭᠳᠡᠭᠰᠡᠨ ᠪᠠᠶᠢᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠵᠠᠰᠠᠭ ᠤᠨ ᠤᠷᠳᠤᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120667353