蒙古文网站Logo
ᠰᠢᠨᠬᠤᠸᠠ ᠮᠤᠩᠭ᠋ᠤᠯ ᠨᠧᠲ

ᠡᠷᠢᠶᠠᠨ ᠬᠤᠲᠠ ᠶᠢᠨ ᠪᠤᠭᠤᠮᠲᠠ ᠪᠡᠷ ᠦᠡᠭ᠍ᠭᠡᠷᠡᠭᠰᠡᠨ ᠳᠤᠮᠳᠠᠳᠤ ᠡᠸᠦ᠋ᠷᠤᠫᠡ ᠶᠢ ᠬᠤᠯᠪᠤᠭᠰᠠᠨ ᠭᠠᠯᠲᠤ ᠲᠡᠷᠬᠡ  ᠢᠢᠨ ᠲᠤᠭ᠎ᠠ 1.5 ᠲᠠᠬᠢᠨ ᠢᠶᠡᠷ ᠨᠡᠮᠡᠭᠳᠡᠪᠠ

2017-03-21 16:10

    ᠡᠨᠡ ᠵᠢᠯ ᠤᠨ ᠡᠮᠦᠨ᠎ᠠ 2 ᠰᠠᠷ᠎ᠠ ᠳᠤ ᠡᠷᠢᠶᠡᠨ ᠤ ᠪᠤᠭᠤᠮᠲᠠ ᠨᠡᠶᠢᠲᠡ 30 ᠴᠤᠪᠤᠭ᠎ᠠ ᠭᠠᠯᠲᠤ ᠲᠡᠷᠭᠡ᠂ ᠪᠦᠬᠦ ᠬᠦᠨᠳᠤ ᠨᠢ 1.676 ᠲᠦᠮᠡᠨ ᠲᠤᠨ ᠬᠦᠷᠬᠦ 1408 ᠬᠠᠶᠢᠷᠴᠠᠭ ᠲᠠᠢ ᠪᠤᠳᠠᠰ ᠢ ᠰᠢᠯᠭᠠᠨ ᠦᠩᠭᠡᠷᠡᠭᠦᠯᠵᠠᠢ᠂ ᠡᠨᠡ ᠨᠢ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ ᠲᠤᠰ ᠪᠦᠷᠢ 150%᠂ 252.67% ᠪᠤᠯᠤᠨ 153.24 ᠪᠡᠷ ᠨᠡᠮᠡᠭᠳᠡᠵᠦ᠂ ᠵᠦᠭᠡᠭᠡᠪᠦᠷᠢᠯᠡᠭᠰᠡᠨ ᠪᠠᠷᠠᠭᠠᠨ ᠤ ᠦᠷᠲᠡᠭ 16829.493 ᠲᠦᠮᠡᠨ ᠳ᠋ᠤᠯᠯᠠᠷ ᠲᠤ ᠬᠦᠷᠦᠭᠰᠡᠨ ᠪᠠᠶᠢᠨ᠎ᠠ᠃ ᠤᠳᠤᠬᠠᠨ ᠳᠤ ᠡᠷᠢᠶᠠᠨ ᠤ ᠪᠤᠭᠤᠮᠲᠠ 7 ᠵᠤᠷᠪᠤᠰ ᠳᠤᠮᠳᠠᠳᠤ ᠡᠸᠦ᠋ᠷᠤᠫᠡ ᠶᠢ ᠬᠤᠯᠪᠤᠭᠰᠠᠨ ᠭᠠᠯᠲᠤ ᠲᠡᠷᠬᠡ ᠶᠢᠨ ᠵᠦᠭᠡᠭᠡᠪᠦᠷᠢᠯᠡᠬᠦ ᠱᠤᠭᠤᠮ ᠲᠠᠢ᠃ ᠳᠤᠮᠳᠠᠳᠤ ᠡᠸᠦ᠋ᠷᠤᠫᠡ ᠶᠢ ᠬᠤᠯᠪᠤᠭᠰᠠᠨ ᠭᠠᠯᠲᠤ ᠲᠡᠷᠬᠡ ᠶᠢᠨ 《 ᠳᠤᠮᠳᠠᠳᠤ ᠭᠠᠷᠴᠠ》 ᠶᠢᠨ ᠴᠤᠷ ᠤᠨ ᠭᠠᠭᠴᠠ ᠪᠤᠭᠤᠮᠲᠠ ᠪᠤᠯᠤᠭᠰᠠᠨ ᠤ ᠬᠤᠪᠢ ᠳᠤ 2013 ᠤᠨ ᠳᠤ ᠳᠤᠮᠳᠠᠳᠤ ᠡᠸᠦ᠋ᠷᠤᠫᠡ ᠶᠢ ᠬᠤᠯᠪᠤᠭᠰᠠᠨ ᠭᠠᠯᠲᠤ ᠲᠡᠷᠬᠡ ᠠᠩᠬᠠᠳᠠᠭᠴᠢ ᠤᠳᠠᠭ᠎ᠠ ᠡᠷᠢᠶᠡᠨ ᠪᠤᠭᠤᠮᠲᠠ ᠢᠶᠡᠷ ᠦᠩᠭᠡᠷᠡᠭᠰᠡᠨ ᠡᠴᠡ ᠨᠠᠭᠠᠰᠢ᠂ ᠲᠤᠭ᠎ᠠ ᠨᠤᠷᠮ᠎ᠠ ᠪᠤᠯᠤᠨ ᠵᠠᠮ ᠱᠤᠭᠤᠮ ᠤᠨ ᠬᠦᠭ᠍ᠵᠢᠯᠲᠠ ᠲᠦᠷᠭᠡᠨ᠂ ᠪᠠᠷᠠᠭ᠎ᠠ ᠨᠡᠪᠲᠡᠷᠡᠬᠦ ᠬᠡᠮᠵᠢᠶ᠎ᠠ ᠴᠤ ᠶᠡᠬᠡ ᠪᠡᠷ ᠨᠡᠮᠡᠭᠳᠡᠵᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120667396