蒙古文网站Logo
ᠰᠢᠨᠬᠤᠸᠠ ᠮᠤᠩᠭ᠋ᠤᠯ ᠨᠧᠲ

2017 ᠤᠨ ᠤ ᠡᠮᠦᠨ᠎ᠡ ᠬᠤᠶᠠᠷ ᠰᠠᠷ᠎ᠠ ᠳᠤ ᠪᠤᠭᠤᠲᠤ ᠬᠤᠲᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 15.2% ᠢᠶᠡᠷ ᠨᠡᠮᠡᠭᠳᠡᠪᠡ

2017-03-23 16:50

    2017 ᠤᠨ ᠤ ᠡᠮᠦᠨ᠎ᠡ ᠬᠤᠶᠠᠷ ᠰᠠᠷ᠎ᠠ᠂ ᠪᠤᠭᠤᠲᠤ ᠬᠤᠲᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ ᠬᠡᠮᠵᠢᠶ᠎ᠠ 37.86 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 15.2% ᠢᠶᠡᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠤᠯᠤᠰ ᠳᠠᠶᠠᠭᠠᠷ ᠤᠨ ᠬᠢ ᠡᠴᠡ ᠵᠠᠭᠤᠨ ᠤ ᠬᠠᠷᠢᠴᠠᠯ ᠢᠶᠡᠷ 6.3 ᠦᠨᠳᠦᠷ᠂ ᠤᠷᠤᠨ ᠳᠠᠶᠠᠭᠠᠷ ᠤᠨ ᠬᠢ ᠡᠴᠡ ᠵᠠᠭᠤᠨ ᠤ ᠬᠠᠷᠢᠴᠠᠯ ᠢᠶᠡᠷ 3.0 ᠦᠨᠳᠦᠷ᠃ ᠤᠷᠤᠨ ᠳᠠᠶᠠᠭᠠᠷ ᠤᠨ 12 ᠠᠶᠢᠮᠠᠭ ᠬᠤᠲᠠ ᠶᠢᠨ ᠲᠤᠳᠤᠷ᠎ᠠ ᠪᠤᠭᠤᠲᠤ ᠬᠤᠲᠠ ᠶᠢᠨ ᠬᠦᠷᠦᠩᠭᠡ ᠤᠷᠤᠭᠤᠯᠤᠯᠲᠠ ᠶᠢᠨ ᠶᠡᠷᠦᠩᠬᠡᠢ ᠬᠡᠮᠵᠢᠶ᠎ᠠ ᠪᠤᠯᠤᠨ ᠬᠤᠷᠳᠤᠴᠠ ᠶᠢᠨ ᠨᠡᠮᠡᠭᠳᠡᠯ ᠨᠢ ᠲᠤᠰ ᠪᠦᠷᠢ ᠨᠢᠭᠡᠳᠦᠭᠡᠷ ᠪᠤᠯᠤᠨ ᠵᠢᠷᠭᠤᠳᠤᠭᠠᠷ ᠲᠤ ᠵᠢᠬᠰᠠᠨ᠎ᠠ᠃ ᠲᠤᠭᠲᠠᠮᠠᠯ ᠬᠦᠷᠦᠩᠭᠡ ᠶᠢᠨ ᠬᠦᠷᠦᠩᠬᠡ ᠤᠷᠤᠭᠤᠯᠤᠯᠲᠠ ᠶᠢᠨ ᠶᠡᠷᠦᠩᠬᠡᠢ ᠬᠡᠮᠵᠢᠶ᠎ᠠ ᠬᠤᠶᠠᠳᠤᠭᠠᠷ ᠲᠤ ᠵᠢᠬᠰᠠᠵᠤ ᠪᠠᠶᠢᠭ᠎ᠠ ᠨᠢ ᠤᠷᠳᠤᠰ ( 36.11 ᠳ᠋ᠦᠩᠰᠢᠭᠤᠷ ᠲᠦᠬᠦᠷᠢᠭ᠌) ᠬᠦᠬᠡᠬᠤᠲᠠ( 8.72 ᠳ᠋ᠦᠩᠰᠢᠭᠤᠷ ᠲᠦᠬᠦᠷᠢᠭ᠌) ᠭᠤᠷᠪᠠᠳᠤᠭᠠᠷ ᠲᠤ ᠵᠢᠬᠰᠠᠵᠤ ᠪᠤᠢ᠃ ᠬᠦᠷᠦᠩᠭᠡ ᠤᠷᠤᠭᠤᠯᠤᠯᠲᠠ ᠶᠢᠨ ᠬᠤᠷᠳᠤᠴᠠ ᠶᠢᠨ ᠨᠡᠮᠡᠭᠳᠡᠯ ᠤᠨ ᠵᠢᠬᠰᠠᠭᠠᠯ ᠤᠨ ᠡᠮᠦᠨ᠎ᠡ ᠭᠤᠷᠪᠠ ᠨᠢ ᠲᠤᠰ ᠪᠦᠷᠢ ᠬᠢᠩᠭ᠋ᠠᠨ ᠠᠶᠢᠮᠠᠭ( 20.5%)᠂ ᠬᠦᠬᠡᠬᠤᠲᠠ ( 19.8%)᠂ ᠪᠠᠶᠠᠨᠨᠠᠭᠤᠷ ᠬᠤᠲᠠ( 19.0%)᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠵᠠᠰᠠᠭ ᠤᠨ ᠤᠷᠳᠤᠨ ᠤ ᠰᠦᠯᠵᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120682687