蒙古文网站Logo
ᠰᠢᠨᠬᠤᠸᠠ ᠮᠤᠩᠭ᠋ᠤᠯ ᠨᠧᠲ

3 ᠵᠢᠯ ᠤᠨ ᠳᠠᠷᠠᠭ᠎ᠠ ᠦᠪᠦᠷ ᠮᠣᠩᠭᠣᠯ ᠤᠨ ᠡᠮ ᠡᠮᠨᠡᠯᠭᠡ ᠶᠢᠨ ᠠᠵᠤ ᠦᠢᠯᠡᠰ ᠤᠨ ᠭᠤᠤᠯ ᠠᠵᠢᠯ ᠲᠦᠷᠦᠯ ᠤᠨ ᠤᠷᠤᠯᠭ᠎ᠠ 900 ᠳ᠋ᠦᠩᠰᠢᠭᠤᠷ ᠢ ᠳᠠᠪᠠᠨ᠎ᠠ

2017-03-29 16:22

    3 ᠰᠠᠷ ᠠ ᠶᠢᠨ 27 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ ᠡᠴᠡ ᠨᠡᠶᠢᠲᠡᠯᠡᠭᠰᠡᠨ ᠢᠶᠡᠷ᠂ ᠦᠪᠦᠷ ᠮᠣᠩᠭᠣᠯ ᠤᠨ《 ᠡᠮ ᠡᠮᠨᠠᠯᠭᠡ ᠶᠢᠨ ᠠᠵᠤ ᠦᠢᠯᠡᠰ ᠤᠨ ᠡᠷᠡᠭᠦᠯ ᠬᠦᠭ᠍ᠵᠢᠯᠲᠠ ᠶᠢᠨ ᠬᠡᠷᠡᠭᠵᠢᠭᠦᠯᠬᠦ ᠲᠦᠰᠦᠪ》 ᠳᠤ᠂ 2020 ᠤᠨ ᠪᠤᠯᠬᠤ ᠳᠤ᠂ ᠡᠮ ᠡᠮᠨᠡᠯᠭᠡ ᠶᠢᠨ ᠠᠵᠤ ᠦᠢᠯᠡᠰ ᠤᠨ ᠭᠤᠤᠯ ᠠᠵᠢᠯ ᠲᠦᠷᠦᠯ ᠤᠨ ᠤᠷᠤᠯᠭ᠎ᠠ 900 ᠭᠠᠷᠤᠢ ᠳ᠋ᠦᠩᠰᠢᠭᠤᠷ ᠲᠦᠬᠦᠷᠢᠭ᠌ ᠲᠤ ᠬᠦᠷᠦᠨ᠎ᠠ᠂ ᠵᠢᠯ ᠤᠨ ᠳᠤᠮᠳᠠᠴᠢ ᠨᠡᠮᠡᠭᠳᠡᠯ ᠨᠢ 10% ᠡᠴᠡ ᠢᠯᠡᠭᠦᠦ᠃ ᠤᠯᠤᠰ ᠳᠠᠶᠠᠭᠠᠷ ᠤᠨ ᠴᠢᠬᠤᠯᠠ ᠨᠦᠯᠦᠭᠡᠯᠡᠬᠦ ᠬᠦᠴᠦᠨ ᠪᠦᠬᠦᠢ ᠮᠣᠩᠭᠣᠯ ᠡᠮ ᠡᠮᠨᠡᠯᠭᠡ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠠᠶᠢᠭᠤᠯᠵᠤ᠂   3 ᠲᠦᠷᠦ ᠶᠢᠨ ᠵᠡᠷᠭᠡᠯᠡᠯ ᠤᠨ᠂ 30 ᠤᠷᠤᠨ ᠤ ᠵᠡᠷᠭᠡᠯᠡᠯ ᠤᠨ ᠰᠢᠨ᠎ᠠ ᠶᠢ ᠡᠭᠦᠳᠬᠦ ᠲᠠᠪᠴᠠᠩ ᠢ ᠪᠠᠶᠢᠭᠤᠯᠵᠤ᠂ 5ᠠᠵᠢᠯ ᠲᠦᠷᠦᠯ ᠤᠨ ᠤᠷᠤᠯᠭ᠎ᠠ ᠨᠢ 10 ᠳ᠋ᠦᠩᠰᠢᠭᠤᠷ ᠲᠦᠭᠦᠷᠢᠭ᠌ ᠢ ᠳᠠᠪᠠᠭᠰᠠᠨ᠂ 50 ᠠᠵᠢᠯ ᠲᠦᠷᠦᠯ ᠤᠨ ᠤᠷᠤᠯᠭ᠎ᠠ ᠨᠢ 1 ᠳ᠋ᠦᠩᠰᠢᠭᠤᠷ ᠲᠦᠬᠦᠷᠢᠭ᠌ ᠢ ᠳᠠᠪᠠᠭᠰᠠᠨ ᠡᠮ ᠡᠮᠨᠡᠯᠭᠡ ᠶᠢᠨ ᠠᠵᠤ ᠠᠬᠤᠶᠢᠯᠠᠯ ᠤᠨ ᠪᠦᠯᠦᠭᠯᠡᠯ ᠢ ᠪᠠᠶᠢᠭᠤᠯᠵᠤ᠂ 20 ᠭᠠᠷᠤᠢ ᠠᠵᠢᠯ ᠲᠦᠷᠦᠯ ᠤᠨ ᠤᠷᠤᠯᠭ᠎ᠠ ᠨᠢ ᠳ᠋ᠦᠩᠰᠢᠭᠤᠷ ᠲᠦᠬᠦᠷᠢᠭ᠌ ᠢ ᠳᠠᠪᠠᠭᠰᠠᠨ ᠡᠮ ᠡᠮᠨᠡᠯᠭᠡ ᠶᠢᠨ ᠲᠤᠮᠤ ᠪᠷᠧᠨ᠋ᠳ᠋ ᠢ ᠪᠤᠢ ᠪᠤᠯᠭᠠᠬᠤ ᠪᠡᠷ ᠴᠢᠷᠮᠠᠶᠢᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠤᠮᠠᠷᠠᠲᠤ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120718772