蒙古文网站Logo
ᠰᠢᠨᠬᠤᠸᠠ ᠮᠤᠩᠭ᠋ᠤᠯ ᠨᠧᠲ

ᠪᠠᠶᠠᠨᠨᠠᠭᠤᠷ ᠬᠤᠲᠠ ᠲᠢᠶᠠᠨ ᠪᠤᠤ ᠢᠨᠵᠧᠨᠧᠷᠢᠩ ᠢ ᠬᠡᠷᠡᠭᠵᠢᠭᠦᠯᠦᠭᠰᠡ ᠡᠴᠡ ᠨᠠᠭᠠᠰᠢ 17 ᠵᠢᠯ ᠤᠨ ᠲᠤᠷᠰᠢ 708.49 ᠲᠦᠮᠡᠨ ᠮᠦ ᠤᠶᠢᠵᠢᠭᠤᠯᠪᠠ

2017-03-31 10:31

    ᠪᠠᠶᠠᠨᠨᠠᠭᠤᠷ ᠬᠤᠲᠠ ᠲᠢᠶᠠᠨ ᠪᠤᠤ ᠢᠨᠵᠧᠨᠧᠷᠢᠩ ᠢ ᠬᠡᠷᠡᠭᠵᠢᠭᠦᠯᠦᠭᠰᠡ ᠡᠴᠡ ᠨᠠᠭᠠᠰᠢ 17 ᠵᠢᠯ ᠤᠨ ᠲᠤᠷᠰᠢ 708.49 ᠲᠦᠮᠡᠨ ᠮᠦ ᠤᠶᠢᠵᠢᠭᠤᠯᠪᠠ᠃ ᠤᠶᠢᠯᠠᠭᠠᠭᠰᠠᠨ ᠢᠶᠡᠷ᠂ ᠲᠢᠶᠠᠨ ᠪᠤᠤ ᠢᠨᠵᠧᠨᠧᠷᠢᠩ 2000 ᠤᠨ ᠡᠴᠡ ᠡᠬᠢᠯᠡᠨ ᠪᠠᠶᠠᠨᠨᠠᠭᠤᠷ ᠬᠤᠲᠠ ᠳᠤ ᠬᠡᠷᠡᠭᠵᠢᠭᠦᠯᠦᠭᠳᠡᠵᠤ᠂ 2000 ᠡᠴᠡ 2016 ᠤᠨ ᠪᠤᠯᠲᠠᠯᠠᠬᠢ 17 ᠵᠢᠯ ᠤᠨ ᠲᠤᠷᠰᠢ ᠨᠡᠶᠢᠲᠡ ᠤᠢ ᠰᠢᠭᠤᠢ ᠠᠮᠢ ᠠᠬᠤᠢ ᠶᠢᠨ ᠪᠠᠶᠢᠭᠤᠯᠤᠯᠲᠠ ᠶᠢᠨ ᠲᠠᠯᠠᠪᠠᠢ  ᠢᠢ 708.49 ᠲᠦᠮᠡᠨ ᠮᠦ ᠳᠤ ᠬᠦᠷᠬᠡᠵᠡᠢ᠃ ᠡᠭᠦᠨ ᠳᠤ᠂ 53.2 ᠲᠦᠮᠡᠨ ᠮᠦ ᠮᠤᠳᠤ ᠵᠠᠢᠢᠯᠠᠵᠦ᠂ ᠨᠢᠰᠬᠦ ᠤᠡᠭᠭᠤᠴᠠ ᠪᠠᠷ 333 ᠲᠦᠮᠡᠨ ᠮᠦ ᠮᠤᠳᠤ ᠲᠠᠷᠢᠵᠦ᠂ ᠠᠭᠤᠯᠠ ᠶᠢ ᠳᠠᠷᠬᠠᠯᠠᠨ 322.29 ᠲᠦᠮᠡᠨ ᠮᠦ ᠤᠶᠢᠵᠢᠭᠤᠯᠪᠠ᠃ ᠨᠡᠶᠢᠲᠡ 50077.8 ᠲᠦᠮᠡᠨ ᠲᠦᠬᠦᠷᠢᠭ᠌ ᠤᠨ ᠤᠯᠤᠰ ᠤᠨ ᠬᠦᠷᠦᠩᠭᠡ ᠤᠷᠤᠭᠤᠯᠤᠯᠲᠠ ᠶᠢ ᠤᠯᠵᠤ᠂ ᠬᠡᠰᠡᠭ ᠪᠦᠰᠡ ᠨᠤᠲᠤᠭ ᠤᠨ ᠠᠮᠢ ᠠᠬᠤᠢ ᠶᠢᠨ ᠪᠠᠶᠢᠳᠠᠯ ᠮᠡᠳᠡᠭᠳᠡᠮ᠎ᠠ ᠰᠠᠶᠢᠵᠢᠷᠠᠪᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠵᠠᠰᠠᠬ ᠤᠨ ᠤᠷᠳᠤᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120730882