蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠡᠮᠦᠨ᠎ᠠ ᠬᠤᠶᠠᠷ ᠰᠠᠷ᠎ᠠ ᠤᠨ 《 ᠨᠢᠭᠡ ᠪᠦᠰᠡ ᠨᠢᠭᠡ ᠵᠠᠮ》 ᠤᠯᠤᠰ ᠤᠨ ᠭᠠᠳᠠᠭᠠᠲᠤ ᠠᠷᠠᠯᠵᠢᠶ ᠠ ᠨᠢ ᠦᠩᠭᠡᠷᠡᠭᠰᠡᠨ ᠤᠨ ᠤ ᠬᠢ ᠡᠴᠡ 37.1% ᠪᠡᠷ ᠨᠡᠮᠡᠭᠳᠡᠪᠡ

2017-04-02 13:49

    ᠡᠮᠦᠨ᠎᠎ᠠ ᠬᠤᠶᠠᠷ ᠰᠠᠷ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 《 ᠨᠢᠭᠡ ᠪᠦᠰᠡ ᠨᠢᠭᠡ ᠵᠠᠮ》 ᠤᠨ ᠤᠯᠤᠰ ᠤᠨ ᠢᠮᠫᠤᠷᠲ᠋ ᠡᠭᠰᠫᠤᠷᠲ᠋ ᠤᠨ ᠠᠷᠠᠯᠵᠢᠶ᠎ᠠ 89.9 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 37.1% ᠪᠡᠷ ᠨᠡᠮᠡᠭᠳᠡᠪᠡ᠃

    ᠤᠶᠢᠯᠠᠭᠠᠭᠰᠠᠨ ᠢᠶᠡᠷ᠂ 2017 ᠤᠨ ᠤ 1-2 ᠰᠠᠷ᠎ᠠ ᠳᠤ᠂ ᠦᠪᠦᠷ ᠮᠣᠩᠭᠣᠯ ᠤᠨ 《ᠨᠢᠭᠡ ᠪᠦᠰᠡ ᠨᠢᠭᠡ ᠵᠠᠮ》 ᠤᠯᠤᠰ ᠤᠨ ᠭᠠᠳᠠᠭᠠᠲᠤ ᠠᠷᠠᠯᠵᠢᠶ᠎ᠠ ᠶᠢᠨ ᠡᠭᠰᠫᠤᠷᠲ᠋ᠯᠠᠭᠰᠠᠨ ᠬᠡᠮᠵᠢᠶ᠎ᠠ 28.2 ᠳ᠋ᠦᠩᠰᠢᠭᠤᠷ ᠲᠦᠬᠦᠷᠢᠭ᠌ ᠲᠤ ᠬᠦᠷᠴᠤ᠂ 26.1% ᠪᠡᠷ ᠨᠡᠮᠡᠭᠳᠡᠭᠰᠡᠨ ᠪᠠᠶᠢᠨ᠎ᠠ᠃ ᠢᠮᠫᠤᠷᠲ᠋ᠯᠠᠭᠰᠠᠨ ᠬᠡᠮᠵᠢᠶ᠎ᠠ ᠨᠢ 61.7 ᠳ᠋ᠦᠩᠰᠢᠭᠤᠷ ᠲᠦᠬᠦᠷᠢᠭ᠌ ᠲᠤ ᠬᠦᠷᠴᠤ᠂ 42.7% ᠪᠡᠷ ᠨᠡᠮᠡᠭᠳᠡᠵᠠᠢ᠃ ᠡᠭᠦᠨ ᠳᠤ᠂ ᠭᠤᠤᠯᠳᠠᠭᠤ ᠮᠣᠩᠭᠣᠯ ᠤᠯᠤᠰ ᠪᠤᠯᠤᠨ ᠤᠷᠤᠰ ᠤᠯᠤᠰ ᠪᠤᠯ ᠦᠪᠦᠷ ᠮᠣᠩᠭᠣᠯ ᠤᠨ ᠴᠢᠬᠤᠯᠠ ᠠᠷᠠᠯᠵᠢᠶᠠᠨ ᠤ ᠬᠠᠷᠢᠴᠠᠭᠠᠲᠠᠨ᠃ 1-2 ᠰᠠᠷ᠎ᠠ ᠳᠤ᠂ ᠮᠣᠩᠭᠣᠯ ᠲᠠᠢ ᠠᠷᠠᠯᠵᠢᠶᠠᠯᠠᠭᠰᠠᠨ ᠬᠡᠮᠵᠢᠶ᠎ᠠ 34.4 ᠳ᠋ᠦᠩᠰᠢᠭᠤᠷ ᠲᠦᠬᠦᠷᠢᠭ᠌ ᠲᠤ ᠬᠦᠷᠴᠤ᠂ 38.1% ᠪᠡᠷ ᠨᠡᠮᠡᠭᠳᠡᠨ᠂ ᠠᠳᠠᠯᠢ ᠬᠤᠭᠤᠴᠠᠭᠠᠨ ᠤ ᠡᠭᠰᠫᠤᠷᠲ᠋ᠯᠠᠭᠰᠠᠨ ᠶᠡᠷᠦᠩᠬᠡᠢ ᠬᠡᠮᠵᠢᠶᠠᠨ ᠤ 24.4% ᠶᠢ ᠡᠵᠡᠯᠡᠨ᠎ᠠ᠃ ᠤᠷᠤᠰ ᠲᠠᠢ ᠠᠷᠠᠯᠵᠢᠶᠠᠯᠠᠭᠰᠠᠨ ᠬᠡᠮᠵᠢᠶ᠎ᠠ 32.2 ᠳ᠋ᠦᠩᠰᠢᠭᠤᠷ ᠲᠦᠬᠦᠷᠢᠭ᠌ ᠲᠤ ᠬᠦᠷᠴᠤ᠂ 25.4% ᠪᠡᠷ ᠨᠡᠮᠡᠭᠳᠡᠨ᠂ ᠠᠳᠠᠯᠢ ᠬᠤᠭᠤᠴᠠᠭᠠᠨ ᠤ ᠡᠭᠰᠫᠤᠷᠲ᠋ᠯᠠᠭᠰᠠᠨ ᠶᠡᠷᠦᠩᠬᠡᠢ ᠬᠡᠮᠵᠢᠶᠠᠨ ᠤ 22.8% ᠶᠢ ᠡᠵᠡᠯᠡᠭᠰᠡᠨ ᠪᠠᠶᠢᠨ᠎ᠠ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠵᠠᠰᠠᠬ ᠤᠨ ᠤᠷᠳᠤᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120743778