蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠰᠢᠲᠠᠭᠠᠯᠭ ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠬᠤ ᠦᠨ᠎ᠠ ᠦᠩᠭᠡᠷᠡᠭᠰᠡᠨ ᠤᠨ ᠤ ᠮᠦᠨ ᠦᠶ᠎ ᠠ ᠡᠴᠡ 64.36% ᠪᠡᠷ ᠦᠰᠪᠡ

2017-04-05 16:40

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠠ ᠶᠢᠨ ᠵᠦᠪᠯᠡᠯ ᠤᠨ ᠦᠨ᠎ᠠ ᠶᠢᠨ ᠬᠢᠨᠡᠨ ᠪᠠᠶᠢᠴᠠᠭᠠᠯᠲᠠ ᠶᠢᠨ ᠲᠦᠪ ᠡᠴᠡ ᠤᠶᠢᠯᠠᠭᠠᠭᠰᠠᠨ ᠢᠶᠡᠷ᠂ ᠦᠨᠦ ᠵᠢᠯ ᠤᠨ 3 ᠰᠠᠷ᠎ᠠ᠎ ᠳᠤ ᠤᠬᠤᠷ ᠬᠤᠭᠤᠴᠠᠭᠠᠨ ᠳᠤ ᠵᠠᠬ᠎ᠠ ᠵᠡᠭᠡᠯᠢ ᠶᠢᠨ ᠬᠠᠩᠭ᠋ᠠᠯᠭ᠎ᠠ ᠪᠠᠴᠢᠮ᠂ ᠪᠤᠭᠤᠮᠲᠠ᠂ ᠴᠠᠬᠢᠯᠭᠠᠨ ᠦᠢᠯᠡᠳᠪᠦᠷᠢ ᠶᠢᠨ ᠨᠦᠬᠡᠴᠡ ᠪᠠᠭ᠎ᠠ ᠵᠡᠷᠭᠡ ᠰᠢᠯᠲᠠᠭᠠᠨ ᠡᠴᠡ ᠪᠤᠯᠵᠤ᠂ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠲᠤᠮᠳᠠᠴᠢ ᠠᠭᠤᠷᠬᠠᠢ ᠡᠴᠡ ᠭᠠᠷᠤᠭᠰᠠᠨ ᠲᠤᠭᠠᠴᠠᠭᠠᠨ ᠤ ᠦᠨ᠎ᠠ ᠨᠢ ᠦᠩᠭᠡᠷᠡᠭᠰᠡᠨ ᠡᠭᠡᠯᠵᠢ ᠶᠢᠨ ᠮᠦᠨ ᠦᠶ᠎ᠠ ᠡᠴᠡ 3.04% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 64.36% ᠦᠰᠴᠦ᠂ ᠳᠤᠮᠳᠠᠴᠢ ᠦᠨ᠎ᠠ ᠨᠢ ᠲᠤᠨ ᠪᠦᠷᠢ ᠳᠤ ᠪᠡᠨ 206.07 ᠲᠦᠬᠦᠷᠢᠭ᠌ ᠲᠤ ᠬᠦᠷᠪᠡ᠃

    ᠡᠭᠦᠨ ᠳᠤ᠂ ᠦᠪᠦᠷ ᠮᠣᠩᠭᠣᠯ ᠤᠨ ᠵᠡᠭᠦᠨ ᠬᠡᠰᠡᠭ ᠤᠨ ᠪᠦᠰᠡ ᠨᠤᠲᠤᠭ ᠤᠨ ᠬᠦᠷᠡᠩ ᠨᠡᠭᠦᠷᠡᠰᠦᠨ ᠤ ᠲᠤᠮᠳᠠᠴᠢ ᠠᠭᠤᠷᠬᠠᠢ ᠡᠴᠡ ᠭᠠᠷᠤᠭᠰᠠᠨ ᠲᠤᠭᠠᠴᠠᠭᠠᠨ ᠤ ᠦᠨ᠎ᠠ ᠨᠢ ᠲᠤᠨ ᠪᠦᠷᠢ ᠳᠤ ᠪᠡᠨ 152.76 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠮᠦᠨ ᠦᠶ᠎ᠠ ᠡᠴᠡ 3.3.% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 39.015% ᠪᠡᠷ ᠦᠰᠦᠭᠰᠡᠨ ᠪᠠᠶᠢᠨ᠎ᠠ᠃ ᠤᠷᠳᠤᠰ ᠤᠨ ᠰᠢᠲᠠᠭᠠᠯᠭ᠎ᠠ ᠶᠢᠨ ᠨᠡᠭᠦᠷᠡᠰᠤᠨ ᠤ ᠲᠤᠮᠳᠠᠴᠢ ᠠᠭᠤᠷᠬᠠᠢ ᠡᠴᠡ ᠭᠠᠷᠤᠭᠰᠠᠨ ᠲᠤᠭᠠᠴᠠᠭᠠᠨ ᠤ ᠦᠨ᠎ᠠ ᠨᠢ ᠲᠤᠨ ᠪᠦᠷᠢ ᠳᠤ ᠪᠡᠨ 282.22 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠮᠦᠨ ᠦᠶ᠎ᠠ ᠡᠴᠡ 6.72% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 184.43% ᠪᠡᠷ ᠦᠰᠴᠠᠢ᠃

    ᠠᠳᠠᠯᠢ ᠬᠤᠭᠤᠴᠠᠭᠠᠨ ᠳᠤ᠂ ᠦᠪᠦᠷ ᠮᠣᠩᠭᠣᠯ ᠤᠨ ᠴᠠᠬᠢᠯᠭᠠᠨ ᠨᠡᠭᠦᠷᠡᠰᠤᠨ ᠤ ᠳᠤᠮᠳᠠᠴᠢ ᠬᠤᠳᠠᠯᠳᠤᠨ ᠤᠷᠤᠭᠤᠯᠤᠭᠰᠠᠨ ᠦᠨ᠎ᠠ ᠨᠢ ᠲᠤᠨ ᠪᠦᠷᠢ ᠳᠤ ᠪᠡᠨ 206.36 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠮᠦᠨ ᠦᠶ᠎ᠠ ᠡᠴᠡ 4.11% ᠪᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 56.62% ᠪᠡᠷ ᠦᠰᠪᠡ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120755298