蒙古文网站Logo
ᠰᠢᠨᠬᠤᠸᠠ ᠮᠤᠩᠭ᠋ᠤᠯ ᠨᠧᠲ

ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠲᠡᠭᠷᠢ ᠡᠯᠡᠰᠤᠨ ᠵᠢᠭᠤᠯᠴᠢᠯᠠᠯ ᠤᠨ ᠤᠷᠤᠨ 2502 ᠲᠦᠮᠡᠨ ᠲᠦᠬᠦᠷᠢᠭ᠌ ᠤᠨ ᠤᠷᠤᠯᠭ᠎ᠠ ᠤᠯᠪᠠ

2017-04-07 11:10

    4 ᠰᠠᠷ᠎ᠠ ᠶᠢᠨ 5 ᠤ ᠡᠳᠦᠷ᠂ ᠰᠤᠷᠪᠤᠯᠵᠢᠯᠠᠭᠴᠢ ᠠᠯᠠᠱᠠ ᠶᠢᠨ ᠲᠡᠭᠷᠢ ᠡᠯᠡᠰᠤᠨ ᠡᠳ᠋ ᠤᠨ ᠵᠠᠰᠠᠭ ᠤᠨ ᠲ᠋ᠸᠭ᠍ᠨᠤᠯᠤᠭᠢ ᠶᠢᠨ ᠨᠡᠭᠡᠭᠡᠯᠲᠡ ᠶᠢᠨ ᠪᠦᠰᠡ ᠡᠴᠡ ᠤᠶᠢᠯᠠᠭᠠᠭᠰᠠᠨ ᠢᠶᠡᠷ᠂ ᠬᠠᠩᠰᠢ ᠶᠢᠨ ᠠᠮᠷᠠᠯᠲᠠ ᠶᠢᠨ ᠬᠤᠭᠤᠴᠠᠭᠠᠨ ᠳᠤ ᠲᠤᠰ ᠨᠡᠭᠡᠭᠡᠯᠲᠡ ᠶᠢᠨ ᠪᠦᠰᠡ ᠳᠤ ᠵᠢᠭᠤᠯᠴᠢᠯᠠᠯ ᠤᠨ ᠤᠷᠬᠢᠯ ᠤᠨ ᠬᠤᠭᠤᠴᠠᠭ᠎ᠠ ᠢᠷᠡᠵᠤ᠂ ᠵᠢᠭᠤᠯᠴᠢᠳ ᠨᠡᠮᠡᠭᠳᠡᠪᠡ᠃ ᠲᠦᠩ ᠬᠤ ᠨᠠᠭᠤᠷ᠂ ᠡᠯᠡᠰᠤᠨᠳᠠᠯᠠᠢ᠂ ᠱᠦᠢ ᠱᠤᠤ ᠽᠢ 3 ᠭᠤᠤᠯᠳᠠᠯᠭ᠎ᠠ ᠲᠠᠢ ᠦᠵᠡᠮᠦᠷᠢ ᠶᠢᠨ ᠪᠦᠰᠡ ᠲᠠᠪᠬᠤᠷᠳᠠᠭᠰᠠᠨ ᠲᠤᠭ᠎ᠠ ᠪᠡᠷ 50153 ᠬᠦᠮᠦᠨ ᠢ ᠬᠦᠯᠢᠶᠡᠨ ᠠᠪᠴᠤ᠂ ᠨᠡᠶᠢᠲᠡ 2502 ᠲᠦᠮᠡᠨ ᠲᠦᠬᠦᠷᠢᠭ᠌ ᠤᠨ ᠤᠷᠤᠯᠭ᠎ᠠ ᠤᠯᠪᠠ᠃

    ᠤᠶᠢᠯᠠᠭᠠᠭᠰᠠᠨ ᠢᠶᠡᠷ᠂ ᠲᠡᠭᠷᠢ ᠡᠯᠡᠰᠤᠨ ᠡᠳ᠋ ᠤᠨ ᠵᠠᠰᠠᠭ ᠤᠨ ᠲ᠋ᠸᠭ᠍ᠨᠤᠯᠤᠭᠢ ᠶᠢᠨ ᠨᠡᠭᠡᠭᠡᠯᠲᠡ ᠶᠢᠨ ᠪᠦᠰᠡ ᠨᠢ ᠬᠤᠪᠢ ᠶᠢᠨ ᠮᠠᠰᠢᠨ ᠢᠶᠡᠷ ᠢᠶᠡᠨ ᠵᠢᠭᠤᠯᠴᠢᠯᠠᠬᠤ᠂ ᠡᠷᠬᠢᠨ ᠲᠤᠭᠤᠷᠢᠨ ᠢᠶᠡᠷ ᠵᠢᠭᠤᠯᠴᠢᠯᠠᠬᠤ᠂ ᠵᠢᠭᠤᠯᠴᠢᠯᠠᠯ ᠤᠨ ᠪᠠᠭ ᠲᠠᠢ ᠵᠢᠭᠤᠯᠴᠢᠯᠠᠬᠤ ᠵᠡᠷᠭᠡ ᠪᠡᠷ ᠭᠤᠤᠯᠯᠠᠳᠠᠭ᠃ ᠲᠦᠩ ᠬᠤ ᠨᠠᠭᠤᠷ ᠤᠨ ᠦᠵᠡᠮᠦᠷᠢ ᠶᠢᠨ ᠪᠦᠰᠡ ᠳᠤ ᠲᠠᠯ᠎ᠠ ᠨᠤᠲᠤᠭ ᠤᠨ ᠡᠯᠡᠰᠦᠨ ᠴᠦᠯ ᠤᠨ ᠠᠩᠬᠳᠠᠭᠴᠢ ᠬᠤᠭᠤᠴᠠᠭᠠᠨ ᠤ ᠰᠠᠯᠬᠢᠨ ᠬᠤᠩᠬᠤᠨ ᠤ ᠪᠠᠶᠠᠷ ᠶᠠᠪᠤᠭᠳᠠᠵᠤ᠂ 3 ᠲᠦᠮᠡ ᠭᠠᠷᠤᠢ ᠶᠠᠩᠵᠤ ᠪᠦᠷᠢ ᠶᠢᠨ ᠰᠠᠯᠬᠢᠨ ᠬᠤᠩᠬᠤ ᠵᠢᠭᠤᠯᠴᠢᠳ ᠤᠨ 《 ᠬᠠᠷᠠᠭ᠎ᠠ ᠶᠢ ᠪᠤᠯᠢᠶᠠᠬᠤ ᠴᠢᠭ᠌》 ᠪᠤᠯᠵᠤ᠂ ᠵᠢᠭᠤᠯᠴᠢᠳ ᠦᠵᠡᠮᠵᠢ ᠶᠢ ᠰᠤᠨᠢᠷᠬᠠᠨ᠂ ᠬᠤᠩᠬᠤᠨ ᠳᠠᠭᠤᠨ ᠢ ᠴᠢᠩᠭᠢᠨᠠᠵᠤ᠂ ᠬᠦᠰᠡᠯ ᠢᠶᠡᠨ ᠳᠠᠭᠠᠳᠬᠠᠬᠤ ᠶᠢᠨ ᠬᠠᠮᠲᠤ ᠡᠯᠡᠰᠦᠨ ᠳᠤ ᠭᠤᠯᠭᠤᠬᠤ᠂ ᠳᠠᠪᠠᠯᠭᠠᠨ ᠳᠤ ᠲᠡᠰᠢᠬᠤ᠂ ᠮᠤᠷᠢ ᠤᠨᠤᠬᠤ᠂ ᠲᠡᠮᠡᠭᠡ ᠤᠨᠤᠬᠤ ᠵᠡᠷᠭᠡ ᠬᠦᠭ᠍ᠵᠢᠯᠲᠠᠢ ᠠᠵᠢᠯᠯᠠᠭ᠎ᠠ ᠨᠤᠭᠤᠳ ᠲᠤ ᠤᠷᠤᠯᠴᠠᠵᠤ᠂ ᠪᠦᠰᠡ ᠨᠤᠲᠤᠭ ᠤᠨ ᠤᠨᠴᠠᠯᠢᠭ ᠪᠤᠯᠤᠨ ᠨᠤᠲᠤᠭ ᠤᠰᠤᠨ ᠤ ᠰᠤᠶᠤᠯ ᠠᠷᠠᠨᠰᠢᠨ ᠢ ᠮᠡᠳᠡᠷᠡᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120767731