蒙古文网站Logo
ᠰᠢᠨᠬᠤᠸᠠ ᠮᠤᠩᠭ᠋ᠤᠯ ᠨᠧᠲ

ᠰᠢᠯᠢ ᠶᠢᠨ ᠭᠤᠤᠯ ᠠᠶᠢᠮᠠᠭ 2017 ᠤᠨ ᠤ ᠨᠢᠭᠡᠳᠦᠭᠡᠷ ᠤᠯᠠᠷᠢᠯ ᠤᠨ ᠭᠠᠳᠠᠭᠠᠲᠤ ᠭᠤᠪᠢᠭᠤᠯᠭ᠎ᠠ ᠶᠢᠨ ᠤᠷᠤᠯᠭ᠎ᠠ ᠪᠤᠯᠤᠨ ᠵᠠᠷᠤᠯᠭ᠎ᠠ ᠲᠦᠷᠭᠡᠨ ᠨᠡᠮᠡᠭᠳᠡᠪᠡ

2017-04-10 16:12

    2017 ᠤᠨ ᠤ ᠨᠢᠭᠡᠳᠦᠭᠡᠷ ᠤᠯᠠᠷᠢᠯ ᠳᠤ ᠰᠢᠯᠢ ᠶᠢᠨ ᠭᠤᠤᠯ ᠠᠶᠢᠮᠠᠭ ᠤᠨ ᠭᠠᠳᠠᠭᠠᠲᠤ ᠭᠤᠪᠢᠭᠤᠯᠭ᠎ᠠ ᠶᠢᠨ ᠤᠷᠤᠯᠭ᠎ᠠ ᠵᠠᠷᠤᠯᠭ᠎ᠠ ᠶᠢᠨ ᠶᠡᠷᠦᠩᠬᠡᠢ ᠬᠡᠮᠵᠢᠶ᠎ᠠ ᠨᠢ 1.04 ᠳ᠋ᠦᠩᠰᠢᠭᠤᠷ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 76.4% ᠪᠡᠷ ᠨᠡᠮᠡᠭᠳᠡᠪᠡ᠃ ᠡᠭᠦᠨ ᠳᠤ᠂ ᠭᠠᠳᠠᠭᠠᠲᠤ ᠭᠤᠪᠢᠭᠤᠯᠭ᠎ᠠ ᠶᠢᠨ ᠤᠷᠤᠯᠭ᠎ᠠ ᠨᠢ 3535.7 ᠲᠦᠮᠡᠨ ᠳ᠋ᠤᠯᠯᠠᠷ᠂ ᠦᠩᠭᠡᠷᠡᠭᠰᠡᠨ ᠤᠨ ᠤ ᠮᠦᠨ ᠦᠶ᠎ᠠ ᠡᠴᠡ 261.79% ᠪᠡᠷ ᠨᠡᠮᠡᠭᠳᠡᠪᠡ᠃ ᠵᠠᠷᠤᠯᠭ᠎ᠠ ᠨᠢ 6898.48 ᠲᠦᠮᠡᠨ ᠳ᠋ᠤᠯᠯᠠᠷ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 39.71 ᠪᠡᠷ ᠨᠡᠮᠡᠭᠳᠡᠪᠡ᠃ ᠴᠠᠪᠡᠷ ᠵᠡᠷᠤᠯᠭ᠎ᠠ 3362.78 ᠲᠦᠮᠡᠨ ᠳ᠋ᠤᠯᠯᠠᠷ ᠲᠤ ᠬᠦᠷᠴᠤ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 597.74 ᠲᠦᠮᠡᠨ ᠳ᠋ᠤᠯᠯᠠᠷ ᠬᠠᠰᠤᠭᠳᠠᠵᠠᠢ᠃ 2016 ᠤᠨ ᠤ ᠡᠬᠢᠨ ᠡᠴᠡ ᠨᠠᠭᠠᠰᠢ ᠠᠷᠠᠳ ᠤᠨ ᠵᠤᠭᠤᠰ ᠢ ᠳ᠋ᠤᠯᠯᠠᠷ ᠢᠶᠡᠷ ᠰᠤᠯᠢᠬᠤ ᠦᠷᠲᠡᠭ ᠨᠢ ᠪᠠᠭᠤᠷᠠᠭᠰᠠᠨ ᠡᠴᠡ ᠭᠠᠳᠠᠭᠠᠲᠤ ᠠᠵᠤ ᠠᠬᠤᠶᠢᠯᠠᠯ ᠤᠨ ᠭᠠᠳᠠᠭᠠᠲᠤ ᠭᠤᠪᠢᠭᠤᠯᠭ᠎ᠠ ᠶᠢᠨ ᠲᠤᠭᠠᠴᠠᠭᠠᠨ ᠤ ᠡᠵᠡᠯᠡᠬᠦ ᠬᠡᠮᠵᠢᠶ᠎ᠠ ᠨᠡᠮᠡᠭᠳᠡᠪᠠ᠃ ᠡᠭᠦᠨ ᠤ ᠳᠠᠭᠠᠤ ᠭᠠᠳᠠᠭᠠᠲᠤ ᠠᠷᠠᠯᠵᠢᠶ᠎ᠠ ᠡᠷᠭᠢᠯᠲᠡ ᠶᠢᠨ ᠪᠠᠶᠢᠳᠠᠯ ᠳᠤ ᠤᠷᠤᠭᠰᠠᠨ ᠡᠴᠡ ᠬᠠᠷᠢᠶ᠎ᠠ ᠪᠦᠰᠡ ᠨᠤᠲᠤᠭ ᠤᠨ ᠭᠠᠳᠠᠭᠠᠲᠤ ᠭᠤᠪᠢᠭᠤᠯᠭ᠎ᠠ ᠶᠢᠨ ᠲᠤᠭᠠᠴᠠᠭᠠᠨ ᠤ ᠬᠡᠮᠵᠢᠶ᠎ᠠ ᠲᠦᠷᠭᠡᠨ ᠨᠡᠮᠡᠭᠳᠡᠪᠡ᠃ ᠠᠩᠭ᠍ᠯᠢ ᠶᠢᠨ ᠡᠸᠦ᠋ᠷᠦᠫᠡ ᠶᠢᠨ ᠬᠤᠯᠪᠤᠭᠠᠨ ᠡᠴᠡ ᠭᠠᠷᠤᠭᠰᠠᠨ᠂ ᠠᠮᠸᠷᠢᠺᠡ ᠶᠢᠨ ᠬᠤᠯᠪᠤᠭᠠᠨ ᠤ ᠬᠠᠳᠠᠭᠠᠯᠠᠮᠵᠢ ᠶᠢᠨ ᠬᠦᠦ ᠮᠦᠩᠭᠦ ᠪᠠᠨ ᠦᠰᠭᠡᠭ᠍ᠰᠡᠨ ᠵᠡᠷᠭᠡ ᠰᠢᠯᠲᠠᠭᠠᠨ ᠡᠴᠡ ᠪᠤᠯᠵᠤ᠂ 2016 ᠤᠨ ᠳᠤ᠂ ᠠᠷᠠᠳ ᠤᠨ ᠵᠤᠭᠤᠰ ᠪᠤᠯᠤᠨ ᠳ᠋ᠤᠯᠯᠠᠷ ᠤᠨ ᠳᠤᠮᠳᠠᠬᠢ ᠦᠨ᠎ᠠ 4434 ᠴᠠᠭ᠌ ᠪᠠᠭᠤᠷᠠᠵᠤ᠂ ᠵᠤᠭᠤᠰ ᠤᠨ ᠦᠷᠲᠡᠭ ᠪᠦᠬᠦ ᠵᠢᠯ ᠳᠤ 6.83% ᠪᠡᠷ ᠪᠠᠭᠤᠷᠠᠪᠠ᠃ 2017 ᠤᠨ ᠡᠴᠡ ᠨᠠᠭᠠᠰᠢ ᠠᠷᠠᠳ ᠤᠨ ᠵᠤᠭᠤᠰ ᠢᠶᠡᠷ ᠳ᠋ᠤᠯᠯᠠᠷ ᠢ ᠰᠤᠯᠢᠬᠤ ᠭᠤᠪᠢᠭᠤᠯᠤᠮᠵᠢ ᠶᠢᠨ ᠪᠠᠶᠢᠳᠠᠯ ᠲᠤᠭᠲᠠᠭᠤᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120782584