蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠲᠤᠲᠤᠭᠠᠳᠤ ᠶᠢᠨ ᠲᠤᠰᠤᠨ ᠤ ᠦᠨ᠎ᠡ ᠶᠡᠬᠡᠪᠡᠷ ᠦᠰᠴᠠᠢ

2017-04-12 15:05

ᠱᠠᠨ ᠰᠢ ᠮᠤᠵᠢ ᠶᠢᠨ ᠲᠠᠶᠢᠶᠤᠧᠠᠨ ᠬᠤᠲᠠ ᠶᠢᠨ ᠲᠤᠰᠤ ᠨᠡᠮᠡᠬᠦ ᠦᠷᠲᠡᠭᠡᠨ ᠤ ᠠᠵᠢᠯᠲᠠᠨ ᠮᠠᠰᠢᠨ ᠳᠤ ᠲᠤᠰᠤ ᠨᠡᠮᠡᠵᠦ ᠪᠠᠶᠢᠭ᠎ᠠ ᠨᠢ (ᠵᠢᠷᠤᠭ ᠢ ᠢᠨᠲ᠋ᠧᠷᠨᠧᠲ ᠡᠴᠡ)

    4 ᠰᠠᠷ᠎ᠠ ᠶᠢᠨ 12 ᠤᠨ ᠡᠳᠦᠷ ᠤᠨ 24᠄00 ᠴᠠᠭ ᠡᠴᠡ ᠤᠯᠤᠰ ᠤᠨ ᠳᠤᠳᠤᠭᠠᠳᠤ ᠶᠢᠨ ᠪᠡᠯᠡᠨ ᠲᠤᠰᠤ ᠶᠢ ᠲᠤᠬᠢᠷᠠᠭᠤᠯᠤᠯᠭ᠎ᠠ ᠶᠢᠨ ᠦᠨ᠎ᠡ ᠪᠡᠷ ᠬᠤᠳᠠᠯᠳᠤᠵᠤ ᠡᠬᠢᠯᠡᠭᠰᠡᠨ ᠪᠠᠶᠢᠨ᠎ᠠ᠃ ᠦᠢᠷ᠎ᠠ ᠳᠦ᠂ ᠠᠮᠧᠷᠢᠺᠠ ᠰᠢᠷᠢᠶ᠎ᠠ ᠢᠢ ᠭᠡᠨᠡᠳᠡᠭᠦᠯᠦᠨ ᠳᠠᠭᠠᠷᠢᠭᠰᠠᠨ ᠶᠠᠪᠤᠳᠠᠯ ᠨᠢ ᠤᠯᠠᠨ ᠤᠯᠤᠰ ᠤᠨ ᠲᠤᠰᠤᠨ ᠤ ᠦᠨ᠎ᠡ ᠶᠢᠨ ᠦᠰᠦᠯᠳᠡ ᠢᠢ ᠠᠬᠢᠭᠤᠯᠵᠠᠢ᠃ ᠡᠭᠦᠨ ᠤ ᠨᠦᠯᠦᠬᠡ ᠪᠡᠷ ᠤᠯᠤᠰ ᠤᠨ ᠲᠤᠲᠤᠭᠠᠳᠤ ᠶᠢᠨ ᠲᠤᠰᠤᠨ ᠤ ᠦᠨ᠎ᠡ ᠦᠰᠴᠦ᠂ ᠦᠨᠦ ᠵᠢᠯ ᠤᠨ ᠬᠠᠮᠤᠭ ᠤᠨ ᠦᠨᠳᠦᠷ ᠳᠡᠮᠳᠡᠭᠯᠡᠯ ᠢ ᠡᠭᠦᠳᠬᠦ ᠪᠤᠯᠤᠯᠴᠠᠭ᠎ᠠ ᠲᠠᠢ ᠭᠡᠮᠡᠨ ᠤᠯᠠᠨ ᠪᠠᠶᠢᠭᠤᠯᠤᠮᠵᠢ ᠲᠦᠰᠦᠭᠡᠯᠡᠵᠦ ᠪᠠᠶᠢᠨ᠎ᠠ᠃

    ᠳᠤᠰ ᠤᠳᠠᠭᠠᠨ ᠤ ᠴᠢᠶ᠋ᠢᠤ ᠴᠠᠶᠢᠶ᠋ᠢᠤ ᠶᠢᠨ ᠦᠨ᠎ᠡ ᠲᠤᠨ ᠪᠦᠷᠢ ᠳᠤ ᠪᠡᠨ 150 ᠳᠦᠬᠦᠷᠢᠭ᠌ ᠢᠶᠡᠷ ᠦᠰᠴᠤ ᠮᠠᠭᠠᠳ ᠬᠡᠵᠤ ᠯᠦᠩ ᠵᠦᠩ ᠮᠡᠳᠡᠬᠡᠯᠡᠯ ᠤᠨ ᠺᠤᠮᠫᠠᠨᠢ ᠳᠦᠰᠦᠬᠡᠯᠡᠭᠰᠡᠨ ᠪᠤᠯ᠂ ᠵᠦᠧᠧ ᠴᠤᠧᠠᠩ ᠮᠡᠳᠡᠬᠡᠯᠡᠯ ᠤᠨ ᠺᠤᠮᠫᠠᠨᠢ ᠲᠤᠨ ᠪᠦᠷᠢ ᠳᠤ ᠪᠡᠨ 190 ᠳᠦᠬᠦᠷᠢᠭ᠌᠂ ᠵᠦᠩ ᠢᠤᠢ ᠮᠡᠳᠡᠬᠡᠯᠡᠯ ᠤᠨ ᠺᠤᠮᠫᠠᠨᠢ ᠲᠤᠨ ᠪᠦᠷᠢ ᠳᠤ ᠪᠡᠨ 140 ᠳᠦᠬᠦᠷᠢᠭ᠌ ᠬᠡᠵᠤ ᠳᠦᠰᠦᠬᠡᠯᠡᠵᠤ ᠪᠤᠢ᠃

    4 ᠰᠠᠷ᠎ᠠ ᠶᠢᠨ 10 ᠤ ᠡᠳᠦᠷ᠂ Brent ᠲᠤᠰᠤᠨ ᠤ ᠬᠦᠯᠢᠶᠡᠯᠲᠡ ᠶᠢᠨ ᠦᠨ᠎ᠡ 0.74 ᠳ᠋ᠤᠯᠯᠠᠷ ᠦᠰᠴᠦ᠂ ᠰᠠᠪᠠ ᠪᠦᠷᠢ ᠳᠤ ᠪᠡᠨ 55.98 ᠳ᠋ᠤᠯᠯᠠᠷ ᠪᠤᠯᠵᠠᠢ᠃ ᠠᠮᠧᠷᠢᠺᠠ ᠶᠢᠨ WTI ᠲᠦᠭᠦᠬᠡᠢ ᠲᠤᠰᠤᠨ ᠤ ᠬᠦᠯᠢᠶᠡᠯᠲᠡ ᠶᠢᠨ ᠦᠨ᠎ᠡ 0.84 ᠳ᠋ᠤᠯᠯᠠᠷ ᠦᠰᠴᠦ᠂ ᠰᠠᠪᠠ ᠪᠦᠷᠢ ᠳᠤ ᠪᠡᠨ 53.08 ᠳ᠋ᠤᠯᠯᠠᠷ ᠪᠤᠯᠵᠤ᠂ 3 ᠰᠠᠷ᠎ᠠ ᠶᠢᠨ 7 ᠤ ᠡᠳᠦᠷ ᠡᠴᠡ ᠨᠠᠭᠠᠰᠢᠬᠢ ᠬᠠᠮᠤᠭ ᠤᠨ ᠰᠢᠨ᠎ᠡ ᠲᠡᠮᠳᠡᠭᠯᠡᠯ ᠢ ᠡᠭᠦᠳᠵᠠᠢ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120796549