蒙古文网站Logo
ᠰᠢᠨᠬᠤᠸᠠ ᠮᠤᠩᠭ᠋ᠤᠯ ᠨᠧᠲ

ᠦᠨᠦ ᠵᠢᠯ ᠪᠠᠶᠠᠨᠨᠠᠭᠤᠷ ᠬᠤᠲᠠ 116.7 ᠲᠦᠮᠡᠨ ᠮᠦ ᠪᠤᠭᠤᠲᠠᠢ ᠲᠠᠷᠢᠪᠠ

2017-04-17 11:26

    ᠤᠳᠤᠬᠠᠨ ᠪᠤᠯᠲᠠᠯ᠎ᠠ ᠪᠠᠶᠠᠨᠨᠠᠭᠤᠷ ᠬᠤᠲᠠ 116.7 ᠲᠦᠮᠡᠨ ᠮᠦ ᠪᠤᠭᠤᠳᠠᠢ ᠲᠠᠷᠢᠭᠠᠳ ᠪᠤᠢ᠂ ᠤᠰᠤᠯᠠᠯᠲᠠ ᠶᠢᠨ ᠪᠦᠰᠡ ᠶᠢᠨ ᠪᠤᠭᠤᠲᠠᠢ ᠲᠠᠷᠢᠬᠤ ᠠᠵᠢᠯ ᠦᠨᠳᠦᠰᠦᠨ ᠳᠤ ᠪᠡᠨ ᠳᠠᠭᠤᠰᠪᠠ᠃ ᠠᠭᠤᠯᠠᠷᠬᠠᠭ ᠬᠠᠭᠤᠷᠠᠢ ᠪᠦᠰᠡ ᠶᠢᠨ ᠪᠤᠭᠤᠳᠠᠢ ᠶᠢ 4 ᠰᠠᠷ᠎ᠠ ᠶᠢᠨ ᠰᠡᠭᠦᠯᠴᠢ ᠪᠡᠷ ᠡᠬᠢᠯᠡᠨ ᠲᠠᠷᠢᠨ᠎ᠠ᠃ ᠤᠷᠢᠳᠴᠢᠯᠠᠨ ᠲᠤᠭᠠᠴᠠᠭᠠᠯᠠᠭᠰᠠᠨ ᠢᠶᠡᠷ ᠲᠠᠷᠢᠬᠤ ᠲᠠᠯᠠᠪᠠᠢ ᠨᠢ 27 ᠲᠦᠮᠡᠨ ᠮᠦ᠃ ᠬᠤᠲᠠ ᠳᠠᠶᠠᠭᠠᠷ ᠤᠨ ᠪᠤᠭᠤᠳᠠᠢ ᠲᠠᠷᠢᠭᠰᠠᠨ ᠲᠠᠯᠠᠪᠠᠢ ᠤᠷᠢᠳᠴᠢᠯᠠᠨ ᠲᠤᠭᠠᠴᠠᠭᠠᠯᠠᠭᠰᠠᠨ ᠢᠶᠡᠷ 143.7 ᠲᠦᠮᠡᠨ ᠮᠦ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎᠎ᠠ ᠡᠴᠡ 13.7 ᠲᠦᠮᠡᠨ ᠮᠦ ᠨᠡᠮᠡᠭᠳᠡᠨ᠎ᠠ᠃

    ᠦᠨᠦ ᠵᠢᠯ ᠪᠠᠶᠠᠨᠨᠠᠭᠤᠷ ᠬᠤᠲᠠ ᠶᠢᠨ ᠪᠤᠭᠤᠲᠠᠢ ᠶᠢᠨ ᠲᠠᠷᠢᠶᠠᠯᠠᠭ᠎ᠠ ᠳᠤ ᠬᠡᠳᠤᠨ ᠤᠨᠴᠠᠯᠢᠭ ᠲᠠᠢ᠄ ᠡᠩ ᠲᠡᠷᠢᠭᠦᠨ ᠳᠤ᠂ ᠪᠠᠶᠢᠷᠢᠰᠢᠭᠤᠯᠵᠤ ᠲᠤᠬᠢᠷᠠᠭᠤᠯᠤᠭᠰᠠᠨ ᠨᠢ ᠡᠷᠲᠡ᠃ 3 ᠰᠠᠷ᠎ ᠠ ᠶᠢᠨ 9 ᠤ ᠡᠳᠦᠷ᠂ ᠦᠪᠦᠷ ᠮᠣᠩᠭᠣᠯ ᠤᠨ ᠬᠠᠪᠤᠷ ᠤᠨ ᠲᠠᠷᠢᠶᠠᠯᠠᠭ᠎ᠠ ᠶᠢᠨ ᠭᠠᠵᠠᠷ ᠳᠡᠭᠡᠷᠡᠬᠢ ᠬᠤᠷᠠᠯ ᠡᠤ ᠶᠤᠸᠠᠨ ᠰᠢᠶᠠᠨ ᠳᠤ ᠶᠠᠪᠤᠭᠳᠠᠵᠤ᠂ ᠦᠪᠦᠷ ᠮᠣᠩᠭᠣᠯ ᠤᠨ ᠬᠠᠪᠤᠷ ᠤᠨ ᠲᠠᠷᠢᠶᠠᠯᠠᠭ᠎ᠠ ᠶᠢᠨ ᠬᠦᠰᠢᠭᠡ ᠶᠢ ᠰᠡᠭᠦᠪᠡ᠂ ᠳᠠᠷᠠᠭ᠎ᠠ ᠨᠢ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠪᠡᠯᠡᠳᠭᠡᠯ ᠰᠠᠶᠢᠨ᠃ ᠪᠠᠶᠢᠴᠠᠭᠠᠭᠰᠠᠨ ᠢᠶᠡᠷ᠂ 2016 ᠤᠨ ᠳ᠋ᠦ ᠬᠤᠲᠠ ᠳᠠᠶᠠᠭᠠᠷ ᠤᠨ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠲᠠᠷᠢᠶᠠᠨ ᠦᠷ᠎ᠠ 4500 ᠲᠦᠮᠡ ᠭᠠᠷᠤᠢ ᠵᠢᠩ᠂ ᠪᠤᠷᠲᠤᠭᠤᠷ 30 ᠲᠦᠮᠡᠨ ᠲᠤᠨ᠂ ᠰᠦᠯᠢᠶᠤᠤ ᠪᠦᠷᠬᠦᠭᠦᠯ 1.8 ᠲᠤᠨ᠂ ᠡᠯ᠎ᠠ ᠵᠡᠷᠭᠡᠯᠡᠯ ᠤᠨ ᠲᠠᠷᠢᠶᠠᠯᠠᠩ ᠤᠨ ᠭᠡᠷᠡᠭᠰᠡᠯ ᠤᠨ ᠰᠠᠯᠠᠭ᠎ᠠ ᠮᠦᠴᠢᠷ ᠰᠢᠯᠵᠢᠭᠦᠯᠦᠨ ᠵᠦᠭᠡᠭᠡᠪᠦᠷᠢᠯᠡᠬᠦ ᠪᠤᠯᠤᠨ ᠨᠦᠭᠡᠴᠡ ᠶᠢᠨ ᠬᠦᠴᠦᠨ ᠢᠶᠡᠨ ᠴᠢᠨᠭᠭᠠᠳᠬᠠᠵᠤ᠂ ᠡᠯ᠎ᠠ ᠲᠦᠷᠦᠯ ᠤᠨ ᠲᠠᠷᠢᠶᠠᠯᠠᠡᠭ ᠤᠨ ᠬᠡᠷᠡᠭᠰᠡᠯ ᠬᠠᠩᠭ᠋ᠠᠯᠲᠠᠲᠠᠢ ᠪᠤᠯᠪᠠ᠃ ᠭᠤᠷᠪᠡ ᠨᠢ᠂ ᠪᠤᠭᠤᠲᠠᠢ ᠶᠢᠨ 《 ᠭᠤᠷᠪᠠᠨ ᠤᠷᠭᠤᠮᠠᠯ ᠤᠨ ᠲᠠᠷᠢᠶ᠎ᠠ》 2000 ᠮᠦ ᠲᠠᠷᠢᠵᠦ᠂ ᠪᠤᠭᠤᠲᠠᠢ ᠶᠢᠨ ᠰᠠᠶᠢᠨ ᠦᠷ᠎ᠠ ᠶᠢᠨ ᠬᠠᠨᠭᠭᠠᠯᠭ᠎ᠠ ᠶᠢ ᠪᠠᠲᠤᠯᠠᠪᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120823349