蒙古文网站Logo
ᠰᠢᠨᠬᠤᠸᠠ ᠮᠤᠩᠭ᠋ᠤᠯ ᠨᠧᠲ

ᠨᠢᠭᠡᠳᠦᠭᠡᠷ ᠤᠯᠠᠷᠢᠯ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠠᠳᠠᠭᠠᠲᠤ ᠠᠷᠠᠯᠵᠢᠶᠠᠨ ᠤ ᠡᠺᠰᠫᠤᠷᠲ᠋ᠯᠡᠵᠤ ᠢᠮᠫᠤᠷᠲ᠋ᠯᠠᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 33.4% ᠪᠡᠷ ᠨᠡᠮᠡᠭᠳᠡᠪᠡ

2017-04-19 11:34

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ 2017 ᠤᠨ ᠤ ᠨᠢᠭᠡᠳᠦᠭᠡᠷ ᠤᠯᠠᠷᠢᠯ ᠳᠤ᠂ ᠦᠪᠦᠷ ᠮᠣᠩᠭᠣᠯ ᠤᠨ ᠭᠠᠳᠠᠭᠠᠲᠤ ᠠᠷᠠᠯᠵᠢᠶᠠᠨ ᠤ ᠡᠺᠰᠫᠤᠷᠲ᠋ᠯᠠᠵᠤ ᠢᠮᠫᠤᠷᠲ᠋ᠯᠠᠭᠰᠠᠨ ᠶᠡᠷᠦᠩᠬᠡᠢ ᠦᠷᠲᠡᠭ 33.7 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 33.4% ᠪᠡᠷ ᠨᠡᠮᠡᠭᠳᠡᠪᠡ᠂ ᠡᠨᠡ ᠨᠢ ᠤᠯᠤᠰ ᠳᠠᠶᠠᠭᠠᠷ ᠤᠨ ᠳᠤᠮᠳᠠᠴᠢ ᠨᠡᠮᠡᠭᠳᠡᠴᠡ ᠡᠴᠡ ᠵᠠᠭᠤᠨ ᠤ ᠬᠠᠷᠢᠴᠠᠯ ᠢᠶᠡᠷ 18.4 ᠦᠨᠳᠦᠷ᠂ ᠨᠡᠮᠡᠭᠳᠡᠴᠡ ᠶᠢᠨ ᠬᠡᠮᠵᠢᠶ᠎ᠠ 31 ᠮᠤᠵᠢ ᠬᠤᠲᠠ ᠳᠤ 8 ᠳ᠋ᠤᠭᠠᠷ ᠲᠤ ᠵᠢᠬᠰᠠᠵᠤ ᠪᠤᠢ᠃ ᠡᠭᠦᠨ ᠳᠤ᠂ ᠢᠮᠫᠤᠷᠲ᠋ᠯᠠᠭᠰᠠᠨ ᠦᠷᠲᠡᠭ 21.9 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 35.8% ᠪᠡᠷ ᠨᠡᠮᠡᠭᠳᠡᠵᠠᠢ᠃ ᠡᠺᠰᠫᠤᠷᠲ᠋ᠯᠠᠭᠰᠠᠨ ᠦᠷᠲᠡᠭ 11.9 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 29.1% ᠪᠡᠷ ᠨᠡᠮᠡᠭᠳᠡᠭᠰᠡᠨ ᠪᠠᠶᠢᠨ᠎᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120836767