蒙古文网站Logo
ᠰᠢᠨᠬᠤᠸᠠ ᠮᠤᠩᠭ᠋ᠤᠯ ᠨᠧᠲ

ᠨᠡᠭᠦᠷᠡᠰᠦᠨ ᠤ ᠬᠡᠷᠡᠭᠯᠡᠭᠡ ᠪᠠᠭᠠᠰᠤᠭᠰᠠᠨ ᠤᠯᠠᠷᠢᠯ ᠤᠨ ᠬᠦᠷᠴᠤ ᠢᠷᠡᠬᠦ ᠶᠢ ᠳᠠᠭᠠᠯᠳᠤᠨ ᠦᠨ᠎᠎ᠠ ᠨᠢ ᠵᠦᠢ ᠵᠤᠬᠢᠰᠲᠠᠢ ᠬᠡᠮᠵᠢᠶᠡᠨ ᠳᠤ ᠬᠦᠷᠪᠡ

2017-04-24 11:44

    ᠰᠢᠨᠬᠤᠸᠠ ᠬᠤᠷᠢᠶ᠎ᠠ  ᠬᠦᠬᠡᠬᠤᠲᠠ ᠶᠢᠨ 4 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠫᠸᠩ ᠶᠤᠸᠠᠨ)  ᠤᠮᠠᠷᠠᠲᠤ ᠪᠦᠰᠡ ᠨᠤᠲᠤᠭ ᠤᠨ ᠳᠤᠯᠠᠭᠠᠯᠠᠭ᠎ᠠ ᠬᠠᠩᠭ᠋ᠠᠬᠤ ᠤᠯᠠᠷᠢᠯ ᠦᠩᠭᠡᠷᠡᠬᠦ ᠶᠢ ᠳᠠᠭᠠᠯᠳᠤᠨ᠂ ᠨᠡᠭᠦᠷᠡᠰᠤ ᠬᠡᠷᠡᠭᠰᠡᠬᠦ ᠬᠦᠭ᠍ᠵᠢᠭᠡᠨ ᠦᠭᠡᠢ ᠤᠯᠠᠷᠢᠯ ᠬᠦᠷᠴᠤ ᠢᠷᠡᠪᠡ᠃ ᠲᠤᠰᠬᠠᠢ ᠮᠡᠷᠭᠡᠵᠢᠯᠲᠠᠨ ᠤ ᠲᠦᠰᠦᠭᠡᠯᠡᠭᠰᠡᠨ ᠢᠶᠡᠷ᠂ ᠨᠢᠳᠤᠨᠤᠨ ᠤ 7 ᠰᠠᠷ᠎ᠠ ᠡᠴᠡ ᠡᠬᠢᠯᠡᠨ ᠦᠷᠭᠦᠯᠵᠢᠯᠡᠨ ᠥᠰᠦᠭᠰᠡᠨ ᠨᠡᠭᠦᠷᠡᠰᠦᠨ ᠤ ᠦᠨ᠎ᠠ ᠡᠷᠭᠢᠯᠲᠠ ᠶᠢᠨ ᠪᠠᠶᠢᠳᠠᠯ ᠲᠠᠢ ᠪᠤᠯᠵᠤ᠂ ᠲᠤᠭᠲᠠᠭᠤᠨ ᠪᠠᠭᠤᠷᠠᠪᠠ᠃ ᠰᠤᠷᠪᠤᠯᠵᠢᠯᠠᠭᠴᠢ ᠦᠪᠦᠷ ᠮᠣᠩᠭᠣᠯ ᠤᠨ ᠨᠡᠭᠦᠷᠡᠰᠦᠨ ᠤ ᠠᠷᠠᠯᠵᠢᠶᠠᠨ ᠤ ᠲᠦᠪ ᠡᠴᠡ ᠤᠶᠢᠯᠠᠭᠠᠭᠰᠠᠨ ᠢᠶᠡᠷ᠂ ᠦᠩᠭᠡᠷᠡᠭᠰᠡᠨ ᠭᠠᠷᠠᠭ ᠲᠤ ᠦᠪᠦᠷ ᠮᠣᠩᠭᠣᠯ ᠤᠨ ᠨᠡᠭᠦᠷᠡᠰᠦᠨ ᠤ ᠦᠨ᠎ᠠ ᠶᠢᠨ ᠶᠡᠷᠦᠩᠬᠡᠶᠢᠯᠡᠭᠰᠡᠨ ᠵᠠᠬ᠎ᠠ ᠬᠠᠭᠠᠬᠤ ᠦᠶ᠎ᠠ ᠶᠢᠨ ᠬᠠᠩᠰᠢ ᠶᠢᠨ ᠵᠢᠭᠠᠯᠲᠠ ᠲᠤᠭ᠎ᠠ  345 ᠳᠤ ᠬᠦᠷᠴᠤ᠂ ᠦᠩᠭᠡᠷᠡᠭᠰᠡᠨ ᠡᠭᠡᠯᠵᠢ ᠶᠢᠨ ᠬᠢ ᠲᠠᠢ ᠠᠳᠠᠯᠢ ᠪᠠᠶᠢᠵᠤ᠂ ᠦᠩᠭᠡᠷᠡᠭᠰᠡᠨ ᠤᠨ ᠤ ᠮᠦᠨ ᠦᠶ᠎ᠠ ᠡᠴᠡ 129.08% ᠪᠡᠷ ᠨᠡᠮᠡᠭᠳᠡᠪᠡ᠃

    ᠪᠦᠸᠸ ᠬᠠᠢ ᠶᠢᠨ ᠰᠢᠲᠠᠭᠠᠯᠠᠭ᠎ᠠ ᠶᠢᠨ ᠨᠡᠭᠦᠷᠡᠰᠦᠨ ᠤ ᠦᠨ᠎ᠠ ᠶᠢᠨ ᠵᠢᠭᠠᠯᠲᠠ ᠲᠤᠭ᠎ᠠ 4 ᠭᠠᠷᠠᠭ ᠳᠠᠷᠠᠭᠠᠯᠠᠨ ᠪᠠᠭ᠎ᠠ ᠬᠡᠮᠵᠢᠶ᠎ᠠ ᠪᠡᠷ ᠪᠠᠭᠤᠷᠠᠪᠠ᠃ ᠲᠤᠰ ᠤᠳᠠᠭᠠᠨ ᠤ ᠵᠠᠬ᠎ᠠ ᠬᠠᠭᠠᠬᠤ ᠦᠶ᠎ᠠ ᠶᠢᠨ ᠬᠠᠩᠰᠢ ᠶᠢᠨ ᠵᠢᠭᠠᠯᠲᠠ ᠲᠤᠭ᠎ᠠ ᠲᠤᠨ ᠪᠦᠷᠢ ᠳᠤ ᠪᠡᠨ 599 ᠲᠦᠬᠦᠷᠢᠭ᠌᠂ ᠦᠩᠭᠡᠷᠡᠭᠰᠡᠨ ᠡᠭᠡᠯᠵᠢ ᠶᠢᠨ ᠬᠢ ᠡᠴᠡ ᠲᠤᠨ ᠪᠦᠷᠢ ᠳᠤ ᠪᠡᠨ 4 ᠲᠦᠬᠦᠷᠢᠭ᠌ ᠪᠠᠭᠤᠷᠠᠪᠠ᠃ ᠡᠭᠦᠨ ᠤ ᠬᠠᠮᠲᠤ᠂ 4 ᠰᠠᠷ᠎ᠠ ᠶᠢᠨ 19 ᠤ ᠡᠳᠦᠷ ᠪᠤᠯᠲᠠᠯ᠎ᠠ᠂ ᠳᠠᠯᠠᠢ ᠳᠠᠭᠠᠤ  6 ᠲᠤᠮᠤ ᠴᠠᠬᠢᠯᠭᠠᠨ ᠦᠢᠯᠡᠳᠪᠦᠷᠢ  ᠡᠳᠦᠷ ᠲᠤ 65.6 ᠲᠦᠮᠡᠨ ᠲᠤᠨ ᠨᠡᠭᠦᠷᠡᠰᠤ ᠬᠡᠷᠡᠭᠯᠡᠵᠤ᠂ ᠨᠦᠬᠡᠴᠡ ᠶᠢᠨ ᠬᠡᠮᠵᠢᠶ᠎ᠠ ᠨᠢ ᠦᠩᠭᠡᠷᠡᠭᠰᠡᠨ ᠭᠠᠷᠠᠭ ᠡᠴᠡ 12.9% ᠪᠡᠷ ᠨᠡᠮᠡᠭᠳᠡᠵᠤ᠂ ᠢᠯᠡᠭᠦᠦ16 ᠡᠳᠦᠷ ᠬᠡᠷᠡᠭᠰᠡᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120863473