蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠢᠭᠡᠳᠦᠭᠡᠷ ᠤᠯᠠᠷᠢᠯ ᠤᠨ ᠬᠤᠳᠠᠯᠳᠤᠭᠠᠨ ᠤ ᠭᠡᠷ ᠪᠠᠶᠢᠰᠢᠩ ᠤᠨ ᠪᠤᠷᠤᠯᠠᠭᠤᠯᠭ᠎ᠠ ᠶᠢᠨ ᠬᠤᠷᠳᠤᠴᠠ ᠨᠡᠮᠡᠭᠳᠡᠪᠡ

2017-04-24 15:00

    ᠰᠢᠨᠬᠤᠸᠠ ᠬᠤᠷᠢᠶ᠎ᠠ ᠬᠦᠬᠡᠬᠤᠲᠠ ᠶᠢᠨ 4 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠳ᠋ᠦᠩ ᠯᠤ ᠎) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠦᠨᠦ ᠵᠢᠯ ᠤᠨ ᠨᠢᠭᠡᠳᠦᠭᠡᠷ ᠤᠯᠠᠷᠢᠯ ᠳᠤ᠂ ᠦᠪᠦᠷ ᠮᠣᠩᠭᠣᠯ 135.7 ᠲᠦᠮᠡᠨ ᠭᠦᠸᠠᠳ᠋ ᠮᠧᠲ᠋ᠷ ᠤᠨ ᠬᠤᠳᠠᠯᠳᠤᠭᠠᠨ ᠤ ᠭᠡᠷ ᠪᠠᠶᠢᠰᠢᠩ ᠤᠨ ᠪᠤᠷᠤᠯᠠᠭᠤᠯᠭ᠎ᠠ ᠶᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 14.7% ᠪᠡᠷ ᠨᠡᠮᠡᠭᠳᠡᠨ᠂ ᠨᠡᠮᠡᠭᠳᠡᠴᠡ ᠶᠢᠨ ᠬᠤᠷᠳᠤᠴᠠ ᠨᠢ 2016 ᠤᠨ ᠤ ᠪᠦᠲᠦᠨ ᠵᠢᠯ ᠡᠴᠡ 8% ᠪᠡᠷ ᠨᠡᠮᠡᠭᠳᠡᠪᠡ᠃ ᠬᠤᠳᠠᠯᠳᠤᠭᠠᠨ ᠤ ᠭᠡᠷ ᠪᠠᠶᠢᠰᠢᠩ ᠤᠨ ᠪᠤᠷᠤᠯᠠᠭᠤᠯᠤᠭᠰᠠᠨ ᠦᠨ᠎ᠠ 64.7 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 15.6% ᠪᠡᠷ ᠨᠡᠮᠡᠭᠳᠡᠨ᠂ ᠨᠡᠮᠡᠭᠲᠡᠴᠡ ᠶᠢᠨ ᠬᠤᠷᠳᠤᠴᠠ ᠨᠢ 2016 ᠤᠨ ᠤ ᠪᠦᠲᠦᠨ ᠵᠢᠯ ᠡᠴᠡ 6.4% ᠪᠡᠷ ᠨᠡᠮᠡᠭᠳᠡᠵᠠᠢ᠃

    《 ᠨᠦᠬᠦᠪᠦᠷᠢ ᠰᠠᠭᠤᠴᠠ ᠶᠢ ᠬᠤᠳᠠᠯᠳᠤᠬᠤ》 ᠵᠢᠴᠢ ᠬᠠᠰᠢᠶ᠎ᠠ ᠰᠠᠷᠠᠪᠴᠢ ᠶᠢ ᠦᠭᠡᠷᠡᠴᠢᠯᠡᠨ ᠪᠠᠶᠢᠭᠤᠯᠬᠤ ᠵᠡᠷᠭᠡ ᠪᠠᠲᠤᠯᠠᠭᠠᠨ ᠤ ᠭᠡᠷ ᠪᠠᠶᠢᠰᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠢᠶᠡᠷ᠂ ᠦᠨᠦ ᠵᠢᠯ ᠡᠴᠡ ᠨᠠᠭᠠᠰᠢ ᠦᠪᠦᠷ ᠮᠣᠩᠭᠣᠯ ᠤᠨ ᠬᠤᠳᠠᠯᠳᠤᠭᠠᠨ ᠤ ᠭᠡᠷ ᠪᠠᠶᠢᠰᠢᠩ ᠤᠨ ᠪᠤᠷᠤᠯᠠᠭᠤᠯᠭ᠎ᠠ ᠦᠰᠦᠯᠲᠠ ᠶᠢᠨ ᠪᠠᠶᠢᠳᠠᠯ ᠢᠶᠡᠨ ᠪᠠᠲᠤᠯᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠡᠷᠭᠢᠯᠲᠠ ᠶᠢᠨ ᠪᠠᠶᠢᠳᠠᠯ ᠢᠯᠡᠷᠬᠡᠢ᠂ ᠨᠦᠬᠡᠴᠡ ᠶᠢᠨ ᠬᠡᠮᠵᠢᠶ᠎ᠠ ᠨᠡᠯᠢᠶᠡᠳ ᠬᠦᠷᠦᠯᠴᠡᠭᠦᠶᠢᠴᠡ ᠪᠤᠯᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120864473