蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ 20 ᠳ᠋ᠦᠩᠰᠢᠭᠤᠷ ᠲᠦᠬᠦᠷᠢᠭ᠌ ᠤᠨ ᠲᠠᠷᠢᠶᠠᠯᠠᠩ ᠮᠠᠯ ᠠᠵᠤ ᠠᠬᠤᠢ ᠶᠢᠨ ᠶᠠᠳᠠᠭᠤ ᠶᠢ ᠳᠡᠳᠭᠦᠬᠦ ᠬᠦᠭ᠍ᠵᠢᠯᠲᠠ ᠶᠢᠨ ᠹᠤᠨᠳ᠋ ᠪᠠᠶᠢᠭᠤᠯᠬᠤ ᠪᠡᠷ ᠪᠤᠢ

2017-04-25 11:35

    ᠰᠢᠨᠬᠤᠸᠠ ᠬᠤᠷᠢᠶ᠎ᠠ   ᠬᠦᠬᠡᠬᠤᠲᠠ ᠶᠢᠨ 4 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠸᠩ)  ᠰᠤᠷᠪᠤᠯᠵᠢᠯᠠᠭᠴᠢ ᠲᠦᠷᠦᠭᠦᠬᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠡᠴᠡ 20 ᠳ᠋ᠦᠩᠰᠢᠭᠤᠷ ᠲᠦᠬᠦᠷᠢᠭ᠌ ᠵᠠᠷᠤᠴᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠶᠠᠳᠠᠭᠤ ᠶᠢ ᠳᠡᠳᠭᠦᠬᠦ ᠬᠦᠭ᠍ᠵᠢᠯᠲᠠ ᠶᠢᠨ ᠹᠤᠨᠳ᠋ ᠪᠠᠶᠢᠭᠤᠯᠵᠤ᠂ ᠶᠠᠳᠠᠭᠤ ᠶᠢ ᠲᠡᠳᠭᠦᠬᠦ ᠠᠵᠢᠯ ᠤᠨ ᠬᠦᠴᠦᠯᠡᠴᠡ ᠶᠢ ᠤᠯᠠᠮ ᠴᠢᠨᠠᠭᠰᠢᠲᠠ ᠠᠬᠢᠭᠤᠯᠬᠤ ᠪᠡᠷ ᠪᠤᠢ᠃ ᠲᠠᠨᠢᠯᠴᠠᠭᠤᠯᠤᠭᠰᠠᠨ ᠢᠶᠡᠷ᠂ ᠦᠪᠦᠷ ᠮᠣᠩᠭᠣᠯ ᠲᠠᠷᠢᠶᠠᠯᠠᠩ ᠮᠠᠯ ᠠᠵᠤ ᠠᠬᠤᠢ ᠶᠢᠨ ᠠᠵᠤ ᠠᠦᠢᠯᠡᠰ ᠤᠨ ᠶᠠᠳᠠᠭᠤ ᠶᠢ ᠲᠡᠳᠭᠦᠬᠦ ᠬᠦᠭ᠍ᠵᠢᠯᠲᠠ ᠶᠢᠨ ᠹᠤᠨᠳ᠋ ᠶᠢ ᠠᠰᠢᠭᠯᠠᠵᠤ ᠮᠦᠩᠭᠦᠨ ᠭᠦᠢᠯᠭᠡᠭᠡᠨ ᠤ ᠹᠤᠨᠳ᠋ ᠪᠤᠯᠤᠨ ᠨᠡᠶᠢᠭᠡᠮ ᠤᠨ ᠬᠦᠷᠦᠩᠭᠡ ᠶᠢᠨ ᠬᠠᠨᠳᠤᠯᠭ᠎ᠠ ᠶᠢᠨ ᠨᠡᠭᠡᠭᠡᠯᠲᠡ ᠶᠢ ᠬᠦᠯᠢᠶᠡᠨ ᠠᠪᠴᠤ᠂ ᠶᠠᠳᠠᠭᠤ ᠶᠢ ᠲᠡᠳᠭᠦᠬᠦ ᠠᠵᠤ ᠦᠢᠯᠡᠰ ᠤᠨ ᠹᠤᠨᠳ᠋ ᠤᠨ ᠶᠡᠷᠦᠩᠬᠡᠢ ᠬᠡᠪᠴᠢᠶ᠎ᠡ ᠶᠢ 100 ᠳ᠋ᠦᠩᠰᠢᠭᠤᠷ ᠲᠦᠬᠦᠷᠢᠭ᠌ ᠲᠤ ᠬᠦᠷᠭᠡᠬᠦ ᠪᠡᠷ ᠴᠢᠷᠮᠠᠶᠢᠨ᠎ᠠ᠃ ᠶᠠᠳᠠᠭᠤ ᠬᠦᠴᠢᠷᠲᠠᠢ ᠡᠷᠦᠬᠡ ᠶᠢᠨ ᠤᠷᠤᠯᠭ᠎᠎ᠠ ᠶᠢᠨ ᠲᠤᠭᠲᠠᠭᠤᠨ ᠦᠰᠦᠯᠲᠠ ᠶᠢ ᠳᠠᠶᠢᠴᠢᠯᠠᠵᠤ ᠴᠢᠳᠠᠬᠤ ᠤᠷᠤᠶᠢᠯᠠᠭᠴᠢ ᠠᠵᠤ ᠠᠬᠤᠶᠢᠯᠠᠯ ᠶᠢ ᠭᠤᠤᠯᠳᠠᠯᠭ᠎ᠠ ᠲᠠᠢ ᠳᠠᠮᠵᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120869888