蒙古文网站Logo
ᠰᠢᠨᠬᠤᠸᠠ ᠮᠤᠩᠭ᠋ᠤᠯ ᠨᠧᠲ

《5.1》 ᠤ ᠠᠮᠠᠷᠠᠯᠲᠠ ᠳᠦ ᠲᠠᠪᠬᠤᠷᠳᠠᠭᠰᠠᠨ ᠲᠤᠭ᠎ᠠ ᠪᠡᠷ 4900 ᠲᠦᠮᠡᠨ ᠬᠦᠮᠦᠨ ᠵᠤᠷᠴᠢᠵᠠᠢ

2017-05-03 10:19

    ᠰᠢᠨᠬᠤᠧᠠ ᠬᠤᠷᠢᠶ᠎ᠠ ᠪᠡᠭᠡᠵᠢᠩ ᠤᠨ 5 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠹᠠᠨ ᠰᠢ) ᠲᠤᠰ ᠡᠳᠦᠷ᠂ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠤᠮᠫᠠᠨᠢ ᠡᠴᠡ ᠤᠶᠢᠯᠠᠭᠠᠭᠰᠠᠨ ᠢᠶᠡᠷ᠂ 2017 ᠤᠨ ᠤ 《5.1》 ᠤ ᠠᠮᠠᠷᠠᠯᠲᠠ ᠶᠢᠨ ᠬᠤᠭᠤᠴᠠᠭᠠᠨ ᠤ ᠲᠡᠮᠦᠷ ᠵᠠᠮ ᠤᠨ ᠶᠠᠭᠠᠷᠠᠯᠲᠠᠢ ᠵᠦᠭᠡᠭᠡᠪᠦᠷᠢ ᠠᠮᠵᠢᠯᠲᠠ ᠲᠠᠢ ᠳᠠᠭᠤᠰᠴᠦ᠂ ᠤᠯᠤᠰ ᠳᠠᠶᠠᠭᠠᠷ ᠤᠨ ᠭᠠᠯᠲᠤ ᠲᠡᠷᠭᠡᠨ ᠦᠷᠲᠡᠭᠡ ᠪᠠᠷᠤᠭ ᠲᠠᠪᠬᠤᠷᠳᠠᠭᠰᠠᠨ ᠲᠤᠭ᠎ᠠ ᠪᠡᠷ 4900 ᠲᠦᠮᠡᠨ ᠵᠤᠷᠴᠢᠭᠴᠢ ᠬᠦᠯᠢᠶᠡᠨ ᠠᠪᠴᠦ᠂ ᠵᠦᠭᠡᠭᠡᠪᠦᠷᠢ ᠶᠢᠨ ᠠᠶᠤᠯᠭᠦᠢ᠂ ᠡᠮᠬᠢ ᠵᠠᠮᠪᠠᠷᠠᠭ᠎ᠠ ᠲᠠᠢ ᠲᠤᠭᠲᠠᠭᠤᠨ ᠪᠠᠶᠢᠬᠤ ᠶᠢ ᠪᠠᠲᠤᠯᠠᠵᠦ ᠴᠢᠳᠠᠵᠠᠢ᠃

    4 ᠰᠠᠷ᠎ᠠ ᠶᠢᠨ 28 ᠡᠴᠡ 5 ᠰᠠᠷ᠎ᠠ ᠶᠢᠨ 1 ᠤ ᠡᠳᠦᠷ ᠪᠤᠯᠲᠠᠯ᠎ᠠ᠂ ᠤᠯᠤᠰ ᠳᠠᠶᠠᠭᠠᠷ ᠤᠨ ᠲᠡᠮᠦᠷ ᠵᠠᠮ ᠤᠨ ᠵᠤᠷᠴᠢᠭᠴᠢᠳ ᠲᠠᠪᠬᠤᠷᠳᠠᠭᠰᠠᠨ ᠲᠤᠭ᠎ᠠ ᠪᠡᠷ 4898.7 ᠲᠦᠮᠨ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 309.2 ᠵᠤᠷᠴᠢᠭᠴᠢ ᠪᠤᠶᠤ 6.7% ᠪᠡᠷ ᠨᠡᠮᠡᠭᠳᠡᠵᠠᠢ᠃ ᠡᠭᠦᠨ ᠳᠦ᠂ ᠬᠤᠷᠳᠤᠨ ᠤ ᠭᠠᠯᠲᠦ ᠲᠡᠷᠭᠡ ᠲᠠᠪᠬᠤᠷᠳᠠᠭᠰᠠᠨ ᠲᠤᠭ᠎ᠠ ᠪᠡᠷ 2995 ᠲᠦᠮᠡ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 446 ᠪᠤᠶᠤ 17.5% ᠪᠡᠷ ᠨᠡᠮᠡᠭᠳᠡᠵᠠᠢ᠃ 4 ᠰᠠᠷ᠎ᠠ ᠶᠢᠨ 29 ᠤ ᠡᠳᠦᠷ᠂ ᠵᠤᠷᠴᠢᠭᠴᠢᠳ ᠤᠨ ᠤᠷᠤᠰᠬᠠᠯ ᠤᠷᠭᠢᠯ ᠳᠦ ᠪᠠᠨ ᠲᠤᠯᠵᠦ᠂ ᠲᠠᠪᠬᠤᠷᠳᠠᠭᠰᠠᠨ ᠲᠤᠭ᠎ᠠ ᠪᠡᠷ 1365.3 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠡᠴᠡ 5.8% ᠪᠡᠷ ᠨᠡᠮᠡᠭᠳᠡᠨ᠂ ᠦᠩᠭᠡᠷᠡᠭᠰᠡᠨ ᠵᠢᠯ ᠤᠳ ᠤᠨ 《5.1》 ᠤ ᠠᠮᠠᠷᠠᠯᠲᠠ ᠶᠢᠨ ᠠᠶᠠᠯᠠᠯ ᠲᠠᠢ ᠬᠠᠷᠢᠴᠠᠭᠤᠯᠪᠠᠯ ᠬᠠᠮᠤᠭ ᠤᠨ ᠦᠨᠳᠦᠷ ᠲᠡᠮᠳᠡᠭᠯᠡᠯ ᠢ ᠡᠭᠦᠳᠴᠠᠢ᠃

    ᠠᠮᠠᠷᠠᠯᠲᠠ ᠶᠢᠨ ᠬᠤᠭᠤᠴᠠᠭᠠᠨ ᠤ ᠵᠤᠷᠴᠢᠭᠴᠢᠳ ᠤᠨ ᠭᠠᠳᠠᠭᠰᠢ ᠭᠠᠷᠬᠤ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ᠂ ᠲᠡᠮᠦᠷ ᠵᠠᠮ ᠤᠨ ᠰᠠᠯᠠᠭ᠎ᠠ ᠮᠦᠴᠢᠷ ᠡᠴᠡ ᠦᠷ᠎ᠡ ᠪᠦᠲᠦᠮᠵᠢ ᠪᠠᠨ ᠴᠢᠷᠮᠠᠶᠢᠨ ᠳᠡᠭᠡᠭᠰᠢᠯᠡᠭᠦᠯᠵᠦ᠂ ᠬᠤᠷᠳᠤᠨ ᠤ ᠳᠡᠮᠦᠷ ᠵᠠᠮ ᠤᠨ ᠱᠤᠭᠤᠮ ᠳᠤ ᠠᠶᠠᠯᠠᠯ ᠤᠨ ᠤᠷᠬᠢᠯ ᠦᠶ᠎ᠡ ᠶᠢᠨ ᠠᠵᠢᠯᠯᠠᠭᠠᠨ ᠤ ᠳᠦᠰᠦᠯ ᠭᠠᠷᠭᠠᠵᠤ᠂ ᠵᠦᠭᠡᠭᠡᠪᠦᠷᠢᠯᠡᠬᠦ ᠬᠡᠮᠵᠢᠶᠡᠨ ᠤ ᠤᠳᠤᠷᠢᠳᠤᠯᠭ᠎ᠠ ᠪᠠᠨ ᠴᠢᠩᠭᠠᠳᠬᠠᠨ᠂ ᠲᠡᠮᠦᠷ ᠵᠠᠮ ᠤᠨ ᠵᠦᠭᠡᠭᠡᠪᠦᠷᠢᠯᠡᠬᠦ ᠴᠢᠳᠠᠪᠤᠷᠢ ᠶᠢ ᠨᠡᠮᠡᠭᠳᠡᠭᠦᠯᠵᠤ᠂ ᠵᠤᠷᠴᠢᠭᠴᠢᠳ ᠤᠨ ᠭᠠᠳᠠᠭᠰᠢ ᠭᠠᠷᠬᠤ ᠳᠦ ᠳᠦᠭᠦᠮ ᠦᠵᠡᠭᠦᠯᠵᠠᠢ᠃ ᠠᠮᠠᠷᠠᠯᠲᠠ ᠶᠢᠨ ᠬᠤᠭᠤᠴᠠᠭᠠᠨ ᠳᠦ᠂ ᠤᠯᠤᠰ ᠳᠠᠶᠠᠭᠠᠷ ᠤᠨ ᠲᠡᠮᠦᠷ ᠵᠠᠮ ᠤᠨ ᠵᠤᠷᠴᠢᠭᠴᠢᠳ ᠤᠨ ᠭᠠᠯᠳᠤ ᠲᠡᠷᠭᠡ ᠨᠡᠶᠢᠲᠡ 1901 ᠨᠡᠮᠡᠭᠳᠡᠵᠠᠢ᠃ (ᠳᠠᠳᠤᠯᠭ᠎ᠠ ᠶᠢᠨ ᠰᠤᠷᠤᠭᠴᠢ ᠳᠠᠨ᠎ᠠ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120909765