蒙古文网站Logo
ᠰᠢᠨᠬᠤᠸᠠ ᠮᠤᠩᠭ᠋ᠤᠯ ᠨᠧᠲ

ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠡᠬᠢ ᠦᠪᠦᠷ ᠮᠣᠩᠭᠣᠯ ᠤᠨ ᠵᠢᠭᠤᠯᠴᠢᠯᠠᠯ ᠤᠨ ᠦᠢᠯᠡᠰ ᠤᠨ ᠤᠷᠤᠯᠭ᠎ᠠ 36.39 ᠳ᠋ᠦᠩᠰᠢᠭᠤᠷ ᠲᠦᠬᠦᠷᠢᠭ᠌ ᠲᠤ ᠬᠦᠷᠪᠡ

2017-05-03 11:24

    5 ᠰᠠᠷ᠎᠎ᠠ ᠶᠢᠨ 2 ᠤᠨ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ 4 ᠰᠠᠷ᠎ᠠ ᠶᠢᠨ 29 ᠤ ᠡᠳᠦᠷ ᠡᠴᠡ 5 ᠰᠠᠷ᠎ᠠ ᠶᠢᠨ 1 ᠤ ᠡᠳᠦᠷ ᠪᠤᠯᠲᠠᠯ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠤᠷᠤᠨ ᠳᠠᠪᠬᠤᠷᠳᠠᠭᠰᠠᠨ ᠲᠤᠭ᠎ᠠ ᠪᠡᠷ 575.4 ᠲᠦᠮᠡᠨ ᠵᠤᠷᠴᠢᠬᠴᠢ ᠬᠦᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠢ ᠤᠷᠤᠯᠭ᠎ᠠ ᠨᠢ 36.39 ᠳ᠋ᠦᠩᠰᠢᠭᠤᠷ ᠲᠦᠬᠦᠷᠢᠭ᠌ ᠲᠤ ᠬᠦᠷᠪᠠ᠃ ᠡᠭᠦᠨ ᠳᠤ᠂ ᠭᠤᠤᠯᠳᠠᠯᠭ᠎ᠠ ᠲᠠᠢ ᠬᠢᠨᠠᠨ ᠵᠠᠬᠢᠷᠴᠤ ᠪᠠᠶᠢᠭ᠎ᠠ 32 ᠵᠢᠭᠤᠯᠴᠢᠯᠠᠯ ᠤᠨ ᠦᠵᠡᠮᠵᠢ ᠶᠢᠨ ᠪᠦᠰᠡ ᠳᠠᠪᠬᠤᠷᠳᠠᠭᠰᠠᠨ ᠲᠤᠭ᠎ᠠ ᠪᠡᠷ 59.43 ᠲᠦᠮᠡᠨ ᠵᠤᠷᠴᠢᠬᠴᠢ ᠬᠦᠯᠢᠶᠡᠨ ᠠᠪᠴᠤ᠂ ᠵᠢᠭᠤᠯᠴᠢᠯᠠᠯ ᠤᠨ ᠦᠢᠯᠡᠴᠢᠯᠡᠭᠡᠨ ᠤ ᠤᠷᠤᠯᠭ᠎ᠠ 1.24 ᠳ᠋ᠦᠩᠰᠢᠭᠤᠷ ᠲᠦᠬᠦᠷᠢᠭ᠌ ᠲᠤ ᠬᠦᠷᠦᠭᠰᠡᠨ ᠪᠠᠶᠢᠨ᠎ᠠ᠃

    ᠦᠨᠦ ᠵᠢᠯ ᠤᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠦᠪᠦᠷ ᠮᠣᠩᠭᠣᠯ ᠤᠨ ᠵᠢᠭᠤᠯᠴᠢᠯᠠᠯ ᠤᠨ ᠵᠠᠬ᠎ᠠ ᠵᠡᠭᠡᠯᠢ ᠶᠢᠨ ᠡᠵᠡᠩᠨᠡᠯᠲᠡ ᠶᠢᠨ ᠪᠠᠶᠢᠳᠠᠯ ᠶᠡᠷᠦᠩᠬᠡᠢ ᠳᠤ ᠪᠡᠨ ᠰᠠᠶᠢᠨ᠂ ᠳᠤᠤᠷᠠᠬᠢ ᠮᠡᠳᠤ ᠬᠡᠳᠤᠨ ᠤᠨᠴᠠᠯᠢᠭ ᠲᠠᠢ᠃ ᠨᠢᠭᠡ ᠳᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠪᠦᠰᠡ ᠠᠮᠠᠷᠠᠯᠲᠠ ᠶᠢᠨ ᠬᠤᠭᠤᠴᠠᠭᠠᠨ ᠳᠡᠬᠢ ᠵᠢᠭᠤᠯᠴᠢᠳ ᠤᠨ ᠨᠡᠮᠡᠭᠳᠡᠯ ᠢ ᠳᠠᠶᠢᠴᠢᠯᠠᠪᠠ᠃ ᠬᠤᠶᠠᠷ ᠲᠤ᠂ ᠬᠤᠪᠢ ᠶᠢᠨ ᠮᠠᠰᠢᠨ ᠢᠶᠡᠷ ᠢᠶᠡᠨ ᠵᠢᠭᠤᠯᠴᠢᠯᠠᠬᠤ ᠬᠦᠮᠦᠰ ᠠᠷᠪᠢᠳᠴᠤ᠂ ᠤᠯᠠᠨ ᠲᠤᠭᠠᠨ ᠤ ᠵᠢᠭᠤᠯᠴᠢᠳ ᠤᠨ ᠠᠩᠬᠠᠷᠤᠯ ᠢ ᠲᠠᠲᠠᠭᠰᠠᠨ᠃ ᠭᠤᠷᠪᠠ ᠳᠤ᠂ ᠦᠪᠦᠷ ᠮᠣᠩᠭᠣᠯ ᠢᠶᠡᠷ ᠢᠶᠡᠨ ᠵᠤᠭᠠᠴᠠᠬᠤ ᠪᠤᠳᠤᠯᠭ᠎ᠠ ᠶᠢᠨ ᠬᠡᠷᠡᠭᠵᠢᠭᠦᠯᠦᠯᠲᠠ ᠨᠢ ᠦᠪᠦᠷ ᠮᠣᠩᠭᠣᠯ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠡᠬ᠎ᠠ ᠵᠡᠭᠡᠯᠢ ᠶᠢ ᠬᠦᠭ᠍ᠵᠢᠭᠡᠭ᠍ᠰᠡᠨ᠃ ᠳᠦᠷᠪᠡ ᠳᠤ᠂ ᠲᠤᠭᠤᠢ ᠲᠡᠷᠭᠡ ᠪᠡᠷ ᠬᠡᠭᠡᠷᠯᠡᠨ ᠠᠶᠠᠯᠠᠬᠤ᠂ ᠠᠭᠤᠯᠠᠨ ᠳᠤ ᠠᠪᠠᠷᠢᠬᠤ᠂ ᠰᠡᠯᠡᠭᠦᠴᠡᠨ ᠵᠤᠭᠠᠴᠠᠬᠤ ᠪᠡᠷ ᠭᠤᠤᠯ ᠪᠤᠯᠭᠠᠭᠰᠠᠨ ᠵᠢᠭᠤᠯᠴᠢᠯᠠᠯ ᠬᠦᠭ᠍ᠵᠢᠶᠡᠨᠲᠠᠢ᠃ ᠲᠠᠪᠤ ᠳᠤ᠂ ᠵᠠᠩ ᠦᠢᠯᠡ  ᠰᠤᠶᠤᠯ ᠤᠨ ᠵᠢᠭᠤᠯᠴᠢᠯᠠᠯ ᠤᠨ ᠠᠵᠢᠯᠯᠠᠭ᠎ᠠ ᠪᠤᠯᠤᠨ ᠪᠠᠶᠠᠷ ᠳᠤᠷᠠᠰᠬᠠᠯ ᠤᠨ ᠠᠵᠢᠯᠯᠠᠭ᠎ᠠ ᠵᠢᠭᠤᠯᠴᠢᠳ ᠤᠨ ᠠᠩᠬᠠᠷᠤᠯ ᠢ ᠲᠠᠲᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120910480