蒙古文网站Logo
ᠰᠢᠨᠬᠤᠸᠠ ᠮᠤᠩᠭ᠋ᠤᠯ ᠨᠧᠲ

ᠲᠠᠪᠤᠨ ᠰᠠᠷ᠎ᠠ ᠶ᠋ᠢᠨ ᠨᠢᠭᠡᠨ ᠦ ᠠᠮᠠᠷᠠᠯᠲᠠ ᠶ᠋ᠢᠨ ᠬᠤᠭᠤᠴᠠᠭᠠᠨ ᠳ᠋ᠤ ᠠᠶᠠᠯᠠᠯ ᠵᠢᠭᠤᠯᠴᠢᠯᠠᠯ ᠨᠢ ᠠᠵᠤ ᠠᠬᠤᠢ ᠶ᠋ᠢᠨ ᠨᠡᠮᠡᠭᠳᠡᠯ ᠴᠡᠭ ᠪᠣᠯᠣᠭᠰᠠᠨ ᠪᠠᠶᠢᠨ᠎ᠠ

2017-05-03 11:24

    ᠭᠤᠷᠪᠠᠨ ᠬᠣᠨᠣᠭ ᠤᠨ ᠠᠮᠠᠷᠠᠯᠲᠠ ᠶᠢᠨ ᠬᠤᠭᠤᠴᠠᠭᠠᠨ ᠳ᠋ᠤ ᠂ ᠠᠶᠠᠯᠠᠯ ᠵᠢᠭᠤᠯᠴᠢᠯᠠᠯ ᠨᠢ ᠠᠵᠤ ᠠᠬᠤᠢ ᠶᠢᠨ ᠨᠡᠮᠡᠭᠳᠡᠯ ᠦᠨ ᠨᠢᠭᠡᠨ ᠭᠣᠣᠯ ᠠᠭᠤᠯᠭ᠎ᠠ ᠪᠣᠯᠣᠭᠰᠠᠨ ᠶᠤᠮ ᠃ ᠤᠯᠤᠰ ᠤᠨ ᠠᠶᠠᠯᠠᠯ ᠵᠢᠭᠤᠯᠴᠢᠯᠠᠯ ᠤᠨ ᠲᠣᠪᠴᠢᠶᠠᠨ ᠤ ᠲᠣᠭ᠎ᠠ ᠪᠠᠷᠢᠮᠲᠠ ᠶᠢᠨ ᠲᠥᠪ ᠤᠨ ᠤᠷᠢᠳᠴᠢᠯᠠᠨ ᠲᠤᠭᠠᠴᠠᠭᠠᠯᠠᠭᠰᠠᠨ ᠢᠶᠡᠷ᠂ ᠤᠯᠤᠰ ᠳᠠᠶᠠᠭᠠᠷ ᠲᠤ ᠨᠡᠶᠢᠲᠡ ᠳᠠᠪᠬᠤᠷᠳᠠᠭᠰᠠᠨ ᠲᠣᠭ᠎ᠠ ᠪᠠᠷ ᠨᠢᠭᠡ ᠳ᠋ᠦᠩᠰᠢᠭᠤᠷ ᠭᠤᠷᠪᠠᠨ ᠮᠢᠩᠭ᠋᠎ᠠ ᠳᠥᠷᠪᠡᠨ ᠵᠠᠭᠤᠨ ᠲᠦᠮᠡᠨ ᠵᠢᠭᠤᠯᠴᠢᠨ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠡᠴᠡ 14.4 % ᠪᠡᠷ ᠨᠡᠮᠡᠭᠳᠡᠵᠦ ᠂ ᠠᠶᠠᠯᠠᠯ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 791 ᠳ᠋ᠦᠩᠰᠢᠭᠤᠷ ᠲᠥᠭᠥᠷᠢᠭ᠌ ᠲᠤ ᠬᠦᠷᠴᠦ ᠂ ᠠᠳᠠᠯᠢ ᠬᠤᠭᠤᠴᠠᠭᠠᠨ ᠤ ᠬᠢ ᠡᠴᠡ 16.2 % ᠪᠡᠷ ᠨᠡᠮᠡᠭᠳᠡᠭᠰᠡᠨ ᠪᠠᠶᠢᠨ᠎ᠠ ᠃ ᠡᠨᠡ ᠲᠣᠭ᠎ᠠ ᠪᠠᠷᠢᠮᠲᠠ ᠠᠮᠠᠷᠠᠯᠲᠠ ᠶᠢᠨ ᠬᠤᠭᠤᠴᠠᠭᠠᠨ ᠤ ᠠᠶᠠᠯᠠᠯ ᠵᠢᠭᠤᠯᠴᠢᠯᠠᠯ ᠤᠨ ᠬᠡᠷᠡᠭᠯᠡᠭᠡᠨ ᠦ ᠳᠠᠯᠳᠠ ᠬᠦᠴᠦ ᠶᠢ ᠬᠠᠷᠠᠭᠤᠯᠤᠭᠰᠠᠨ ᠮᠥᠷᠲᠡᠭᠡᠨ ᠳᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠡᠷᠴᠢᠲᠡᠢ ᠬᠥᠭ᠍ᠵᠢᠬᠦ ᠬᠠᠨᠳᠤᠰᠢ ᠶᠢ ᠲᠤᠰᠬᠠᠭᠰᠠᠨ ᠪᠠᠶᠢᠨ᠎ᠠ᠃

    ᠤᠯᠤᠰ ᠤᠨ ᠠᠶᠠᠯᠠᠯ ᠵᠢᠭᠤᠯᠴᠢᠯᠠᠯ ᠤᠨ ᠲᠣᠪᠴᠢᠶᠠᠨ ᠤ ᠰᠣᠨᠢᠨ ᠮᠡᠳᠡᠭᠡᠨ ᠦ ᠥᠭᠦᠯᠡᠭᠴᠢ ᠾᠸᠦ ᠵᠸᠨ ᠭᠠᠩ ᠲᠠᠨᠢᠯᠴᠠᠭᠤᠯᠤᠭᠰᠠᠨ ᠨᠢ᠂ ᠦᠨᠦ ᠵᠢᠯ ᠤᠨ ᠲᠠᠪᠤᠨ ᠰᠠᠷ᠎ᠠ ᠶᠢᠨ ᠨᠢᠭᠡᠨ ᠦ ᠠᠮᠠᠷᠠᠯᠲᠠ ᠶᠢᠨ ᠬᠤᠭᠤᠴᠠᠭᠠᠨ ᠳ᠋ᠤ ᠂ ᠡᠯ᠎ᠡ ᠪᠦᠰᠡ ᠨᠤᠲᠤᠭ ᠤᠨ ᠠᠶᠠᠯᠠᠯ ᠵᠢᠭᠤᠯᠴᠢᠯᠠᠯ ᠨᠢ ᠦᠵᠡᠮᠵᠢᠲᠦ ᠣᠷᠣᠨ ᠢᠶᠠᠷ ᠠᠶᠠᠯᠠᠨ ᠵᠤᠭᠠᠴᠠᠳᠠᠭ ᠪᠠᠶᠢᠭᠰᠠᠨ ᠡᠴᠠ ᠪᠠᠨ ᠪᠦᠬᠦ ᠲᠠᠯ᠎ᠠ ᠶᠢ ᠬᠠᠮᠤᠷᠤᠭᠰᠠᠨ ᠠᠶᠠᠯᠠᠯ ᠵᠢᠭᠤᠯᠴᠢᠯᠠᠯ ᠲᠡᠰᠢ ᠰᠢᠯᠵᠢᠬᠦ ᠬᠠᠨᠳᠤᠰᠢ ᠢᠯᠡᠷᠬᠡᠢ ᠪᠣᠯᠣᠭᠰᠠᠨ ᠪᠠᠶᠢᠨ᠎ᠠ᠃ ᠥᠩᠭᠡᠷᠡᠭᠰᠡᠨ ᠦ ᠦᠵᠡᠮᠵᠢᠲᠦ ᠣᠷᠣᠨ ᠤ ᠦᠢᠯᠡᠳᠬᠦᠨ ᠢ ᠠᠭᠠᠵᠢᠮ ᠢᠶᠠᠷ ᠣᠯᠠᠨ ᠶᠠᠩᠵᠤ ᠶᠢᠨ ᠠᠶᠠᠯᠠᠯ ᠵᠢᠭᠤᠯᠴᠢᠯᠠᠯ ᠤᠨ ᠦᠢᠯᠡᠳᠬᠦᠨ ᠣᠷᠣᠯᠠᠵᠤ᠂ ᠬᠥᠳᠡᠭᠡ ᠨᠤᠲᠤᠭ ᠢᠶᠠᠷ ᠠᠶᠠᠯᠠᠨ ᠵᠢᠭᠤᠯᠴᠢᠯᠠᠬᠤ ᠂ ᠬᠣᠲᠠ ᠶᠢᠨ ᠣᠶᠢᠷ᠎ᠠ ᠬᠠᠪᠢ ᠪᠠᠷ ᠠᠶᠠᠯᠠᠨ ᠵᠢᠭᠤᠯᠴᠢᠯᠠᠬᠤ᠂ ᠡᠷᠲᠡᠨ ᠦ ᠬᠣᠲᠠ ᠪᠠᠯᠭᠠᠰᠤ ᠪᠠᠷ ᠠᠶᠠᠯᠠᠨ ᠵᠢᠭᠤᠯᠴᠢᠯᠠᠬᠤ ᠨᠢ ᠤᠯᠠᠮ ᠬᠥᠭ᠍ᠵᠢᠶᠡᠨ ᠲᠠᠢ ᠪᠣᠯᠵᠤ ᠪᠠᠶᠢᠨ᠎ᠠ ᠭᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳ᠋ᠢᠤ᠋ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120910576