蒙古文网站Logo
ᠰᠢᠨᠬᠤᠸᠠ ᠮᠤᠩᠭ᠋ᠤᠯ ᠨᠧᠲ

2016 ᠤᠨ ᠤ ᠤᠯᠤᠰ ᠳᠠᠶᠠᠭᠠᠷ ᠤᠨ ᠰᠤᠷᠭᠠᠨ ᠬᠦᠮᠦᠵᠢᠯ ᠤᠨ ᠶᠡᠷᠦᠩᠬᠡᠢ ᠵᠠᠷᠤᠳᠠᠯ  38866 ᠳ᠋ᠦᠩᠰᠢᠭᠤᠷ ᠲᠦᠬᠦᠷᠢᠭ᠌ ᠲᠤ ᠬᠦᠷᠪᠠ

2017-05-04 16:11

    ᠰᠢᠨᠬᠤᠸᠠ ᠬᠤᠷᠢᠶ᠎ᠠ   ᠪᠡᠭᠡᠵᠢᠩ ᠤᠨ 5 ᠰᠠᠷ᠎ᠠ ᠶᠢᠨ 3 ᠤ ᠡᠳᠦᠷ ᠤᠨ ᠴᠠᠬᠢᠯᠠᠭᠠᠨ ᠮᠡᠳᠡᠭᠡ   ᠰᠤᠷᠭᠠᠨ ᠬᠦᠮᠦᠵᠢᠯ ᠤᠨ ᠶᠠᠮᠤᠨ 3 ᠤ ᠡᠳᠦᠷ ᠤᠯᠤᠰ ᠳᠠᠶᠠᠭᠠᠷ ᠤᠨ ᠰᠤᠷᠭᠠᠨ ᠬᠦᠮᠦᠵᠢᠯ ᠤᠨ ᠤᠨ ᠤ ᠵᠠᠷᠤᠳᠠᠯ ᠤᠨ ᠠᠩᠬᠠᠨ ᠤ ᠪᠦᠷᠢᠳᠭᠡᠯ ᠤᠨ ᠲᠤᠭ᠎ᠠ ᠪᠠᠷᠢᠮᠲᠠ ᠶᠢ ᠨᠡᠶᠢᠲᠡᠯᠡᠪᠡ᠂ ᠡᠭᠦᠨ ᠳᠤ 2016 ᠤᠨ ᠤ ᠤᠯᠤᠰ ᠳᠠᠶᠠᠭᠠᠷ ᠤᠨ ᠰᠤᠷᠭᠠᠨ ᠬᠦᠮᠦᠵᠢᠯ ᠤᠨ ᠶᠡᠷᠦᠩᠬᠡᠢ ᠵᠠᠷᠤᠳᠠᠯ  38866 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠵᠢᠯ ᠤᠨ ᠬᠢ ᠡᠴᠡ 7.57% ᠪᠡᠷ ᠨᠡᠮᠡᠭᠳᠡᠭᠰᠡᠨ ᠪᠠᠶᠢᠨ᠎ᠠ᠃

    ᠪᠦᠷᠢᠳᠭᠡᠯ ᠳᠤ᠂ 2016 ᠤᠨ ᠳᠤ ᠤᠯᠤᠰ ᠳᠠᠶᠠᠭᠠᠷ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ ᠤᠨ ᠶᠡᠷᠦᠩᠬᠡᠢ ᠵᠠᠷᠤᠳᠠᠯ ᠳᠤ 2802 ᠳ᠋ᠦᠩᠰᠢᠭᠤᠷ ᠲᠦᠬᠦᠷᠢᠭ᠌ ᠵᠠᠷᠤᠴᠠᠭᠤᠯᠵᠤ᠂ ᠦᠩᠭᠡᠷᠡᠭᠰᠡᠨ ᠵᠢᠯ ᠤᠨ ᠬᠢ ᠡᠴᠡ 15.48% ᠪᠡᠷ ᠨᠡᠮᠡᠭᠳᠡᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠡᠷᠦᠩᠬᠡᠢ ᠵᠠᠷᠤᠳᠠᠯ ᠳᠤ 17603 ᠳ᠋ᠦᠩᠰᠢᠭᠤᠷ ᠲᠦᠬᠦᠷᠢᠭ᠌ ᠵᠠᠷᠤᠴᠠᠭᠤᠯᠵᠤ᠂ ᠦᠩᠭᠡᠷᠡᠭᠰᠡᠨ ᠵᠢᠯ ᠤᠨ ᠬᠢ ᠡᠴᠡ 9.76% ᠪᠡᠷ ᠨᠡᠮᠡᠭᠳᠡᠵᠠᠢ᠃ ᠲᠡᠭᠡᠲᠤ ᠳᠤᠮᠳᠠᠳᠤ ᠶᠢᠨ ᠰᠤᠷᠭᠠᠨ ᠬᠦᠮᠦᠵᠢᠯ ᠤᠨ ᠱᠠᠲᠤᠨ ᠳᠡᠬᠢ ᠶᠡᠷᠦᠩᠬᠡᠢ ᠵᠡᠷᠤᠳᠠᠯ ᠳᠤ 6155 ᠳ᠋ᠦᠩᠰᠢᠭᠤᠷ ᠲᠦᠬᠦᠷᠢᠭ᠌ ᠵᠠᠷᠤᠴᠠᠭᠤᠯᠵᠤ᠂ ᠦᠩᠭᠡᠷᠡᠭᠰᠡᠨ ᠵᠢᠯ ᠤᠨ ᠬᠢ ᠡᠴᠡ 6.75% ᠪᠡᠷ ᠨᠡᠮᠡᠭᠳᠡᠵᠤ᠂ ᠳᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠶᠡᠷᠦᠩᠬᠡᠢ ᠵᠠᠷᠤᠳᠠᠯ ᠳᠤ 10110 ᠳ᠋ᠦᠩᠰᠢᠭᠤᠷ ᠲᠦᠬᠦᠷᠢᠭ᠌ ᠵᠠᠷᠤᠴᠠᠭᠤᠯᠤᠨ᠂ ᠦᠩᠭᠡᠷᠡᠭᠰᠡᠨ ᠵᠢᠯ ᠤᠨ ᠬᠢ ᠡᠴᠡ 6.22% ᠪᠡᠷ ᠨᠡᠮᠡᠭᠳᠡᠭᠰᠡᠨ ᠪᠠᠶᠢᠨ᠎ᠠ᠃

    ᠤᠶᠢᠯᠠᠭᠠᠭᠰᠠᠨ ᠢᠶᠡᠷ᠂ ᠰᠤᠷᠠᠭ ᠵᠠᠩᠭᠢ ᠶᠢᠨ ᠴᠠᠭᠲᠤ ᠴᠢᠨᠠᠷ ᠢ ᠪᠠᠲᠤᠯᠠᠨ᠂ ᠨᠡᠶᠢᠭᠡᠮ ᠤᠨ ᠡᠯ᠎ᠠ ᠡᠲᠡᠭᠡᠳ ᠲᠤ ᠰᠤᠷᠭᠠᠨ ᠬᠦᠮᠦᠵᠢᠯ ᠤᠨ ᠵᠠᠷᠤᠳᠠᠯ ᠤᠨ ᠶᠡᠷᠦᠩᠬᠡᠢ ᠪᠠᠶᠢᠳᠠᠯ ᠢ ᠤᠶᠢᠯᠠᠭᠠᠭᠤᠯᠬᠤ ᠶᠢᠨ ᠲᠦᠯᠦᠭᠡ᠂ ᠰᠤᠷᠭᠠᠨ ᠬᠦᠮᠦᠵᠢᠯ ᠤᠨ ᠶᠠᠮᠤᠨ ᠰᠢᠭᠤᠷᠬᠠᠢ ᠮᠡᠳᠡᠭᠡᠨ ᠤ ᠬᠡᠯᠪᠡᠷᠢ ᠪᠡᠷ ᠤᠯᠤᠰ ᠳᠠᠶᠠᠭᠠᠷ ᠤᠨ ᠰᠤᠷᠭᠠᠨ ᠬᠦᠮᠦᠵᠢᠯ ᠤᠨ ᠤᠨ ᠤ ᠵᠠᠷᠤᠳᠠᠯ ᠢ ᠠᠩᠬ᠎ᠠ ᠪᠦᠷᠢᠳᠭᠡᠭ᠍ᠰᠡᠨ ᠲᠤᠭ᠎ᠠ ᠪᠠᠷᠢᠮᠲᠠ ᠶᠢ ᠨᠡᠶᠢᠲᠡᠯᠡᠪᠡ᠂ ᠬᠠᠮᠤᠭ ᠤᠨ ᠡᠴᠤᠰ ᠤᠨ ᠲᠤᠭ᠎ᠠ ᠪᠦᠷᠢᠳᠭᠡᠯ ᠢ ᠳᠠᠷᠠᠭ᠎ᠠ ᠪᠡᠷ ᠪᠠᠰᠠ ᠨᠡᠶᠢᠲᠡᠯᠡᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120918426