蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠢᠭᠡᠳᠦᠭᠡᠷ ᠤᠯᠠᠷᠢᠯ ᠤᠨ ᠨᠡᠭᠦᠷᠡᠰᠦᠨ ᠤ ᠦᠨ᠎ᠠ ᠦᠩᠭᠡᠷᠡᠭᠰᠡᠨ ᠤᠨ ᠤ ᠮᠦᠨ ᠦᠶ᠎ᠠ ᠡᠴᠡ 58.96 % ᠪᠡᠷ ᠦᠰᠪᠡ

2017-05-04 16:17

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠭᠦᠯᠦᠯᠲᠠ ᠶᠢᠨ ᠵᠦᠪᠯᠡᠯ ᠤᠨ ᠦᠨ᠎ᠠ ᠬᠠᠩᠰᠢ ᠶᠢᠨ ᠬᠢᠨᠠᠨ ᠬᠡᠮᠵᠢᠯᠲᠠ ᠶᠢᠨ ᠲᠦᠪ ᠡᠴᠡ ᠤᠶᠢᠯᠠᠭᠠᠭᠰᠠᠨ ᠢᠶᠡᠷ᠂ ᠦᠨᠦ ᠵᠢᠯ ᠤᠨ ᠨᠢᠭᠡᠳᠦᠭᠡᠷ ᠤᠯᠠᠷᠢᠯ ᠳᠤ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠠᠭᠤᠷᠬᠠᠢ ᠡᠴᠡ ᠭᠠᠷᠬᠤ ᠦᠨ᠎ᠠ 2016 ᠤᠨ ᠤ ᠰᠡᠭᠦᠯᠴᠢ ᠶᠢᠨ ᠬᠠᠭᠠᠰ ᠵᠢᠯ ᠦᠷᠭᠦᠯᠵᠢᠯᠡᠨ ᠦᠰᠴᠤ᠂ ᠤᠷᠤᠨ ᠳᠠᠶᠠᠭᠠᠷ ᠤᠨ ᠰᠢᠲᠠᠭᠠᠯᠭ᠎ᠠ ᠶᠢᠨ ᠨᠡᠭᠦᠷᠡᠰᠤᠨ ᠤ ᠳᠤᠮᠳᠠᠴᠢ ᠠᠭᠤᠷᠬᠠᠢ ᠡᠴᠡ ᠭᠠᠷᠬᠤ ᠦᠨ᠎ᠠ ᠨᠢ ᠲᠤᠨ ᠪᠦᠷᠢ ᠳᠤ ᠪᠡᠨ 201.73 ᠲᠦᠬᠦᠷᠢᠭ᠌ ᠲᠤ ᠬᠦᠷᠴᠤ᠂ ᠦᠩᠭᠡᠷᠡᠭᠰᠡᠨ ᠡᠭᠡᠯᠵᠢ ᠶᠢᠨ ᠮᠦᠠ ᠦᠶ᠎ᠠ ᠡᠴᠡ 3.50% ᠢᠶᠡᠷ ᠦᠰᠴᠤ᠂ ᠦᠩᠭᠡᠷᠡᠭᠰᠡᠨ ᠤᠨ ᠤ ᠮᠦᠨ ᠦᠶ᠎ᠠ ᠡᠴᠡ 58.96% ᠪᠡᠷ ᠦᠰᠪᠡ᠃

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠦᠨᠦ ᠵᠢᠯ ᠤᠨ 1 ᠰᠠᠷ᠎ᠠ ᠡᠴᠡ 3 ᠰᠠᠷ᠎ᠠ ᠪᠤᠯᠲᠠᠯ᠎ᠠ᠂ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠦᠨ᠎ᠠ ᠤᠷᠢᠳᠠᠪᠡᠷ ᠪᠠᠭᠤᠷᠠᠨ ᠳᠠᠷᠠᠭ᠎ᠠ ᠨᠢ ᠦᠰᠪᠠ᠃ 1 ᠰᠠᠷ᠎ᠠ ᠳᠤ᠂ 2016 ᠤᠨ ᠤ ᠵᠢᠯ ᠤᠨ ᠡᠴᠤᠰ ᠲᠤ ᠬᠠᠩᠭ᠋ᠠᠯᠭ᠎ᠠ ᠬᠡᠷᠡᠭᠴᠡᠭᠡᠨ ᠤ ᠨᠡᠮᠡᠭᠳᠡᠯ᠂ ᠴᠠᠭᠠᠨ ᠰᠠᠷ᠎ᠠ ᠪᠤᠯᠤᠭᠰᠠᠨ ᠵᠡᠷᠭᠡ ᠰᠢᠯᠲᠠᠭᠠᠨ ᠡᠴᠡ ᠪᠤᠯᠵᠤ ᠨᠡᠭᠦᠷᠠᠰᠦᠨ ᠤ ᠦᠨ᠎ᠠ ᠪᠠᠭ᠎ᠠ ᠪᠠᠭᠤᠷᠠᠪᠠ᠃ 2 ᠰᠠᠷ᠎ᠠ ᠳᠤ ᠨᠠᠭᠦᠷᠡᠰᠤᠨ ᠦᠢᠯᠡᠳᠪᠦᠷᠢᠯᠡᠯ ᠤᠨ ᠭᠠᠷᠤᠯᠲᠠ ᠪᠠᠭᠠᠰᠴᠤ᠂ ᠬᠡᠷᠡᠭᠴᠡᠭᠡ ᠶᠡᠬᠡ ᠵᠡᠷᠭᠡ ᠰᠢᠯᠲᠠᠭᠠᠨ ᠡᠴᠡ ᠪᠤᠯᠵᠤ ᠨᠡᠭᠦᠷᠡᠰᠦᠨ ᠤ ᠦᠨ᠎ᠠ 2 ᠰᠠᠷ᠎ᠠ ᠳᠠᠷᠠᠭᠠᠯᠠᠨ ᠠᠭᠠᠵᠢᠮ ᠦᠰᠪᠡ᠃

    ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ ᠦᠨᠦ ᠵᠢᠯ ᠤᠨ 3 ᠰᠠᠷ᠎ᠠ ᠳᠤ᠂ ᠦᠪᠦᠷ ᠮᠣᠩᠭᠣᠯ ᠤᠨ ᠰᠢᠲᠠᠭᠠᠯᠭ᠎ᠠ ᠶᠢᠨ ᠨᠡᠭᠦᠷᠡᠰᠦᠨ ᠤ ᠳᠤᠮᠳᠠᠴᠢ ᠠᠭᠤᠷᠬᠠᠢ ᠡᠴᠡ ᠭᠠᠷᠭᠠᠭᠰᠠᠨ ᠦᠨ᠎ᠠ ᠨᠢ ᠲᠤᠨ ᠪᠦᠷᠢ ᠳᠤ ᠪᠡᠨ 206.07 ᠲᠦᠬᠦᠷᠢᠭ᠌ ᠲᠤ ᠬᠦᠷᠴᠤ᠂ ᠵᠢᠯ ᠤᠨ ᠡᠬᠢᠨ ᠡᠴᠡ 3.48%  ᠪᠡᠷ ᠨᠡᠮᠡᠭᠳᠡᠪᠡ᠃ ᠡᠭᠦᠨ ᠳᠤ᠂ ᠤᠷᠳᠤᠰ ᠤᠨ ᠰᠢᠲᠠᠭᠠᠯᠭ᠎ᠠ ᠶᠢᠨ ᠨᠡᠭᠦᠷᠡᠰᠤᠨ ᠤ ᠠᠭᠤᠷᠬᠠᠢ ᠡᠴᠡ ᠭᠠᠷᠭᠠᠭᠰᠠᠨ ᠦᠨ᠎ᠠ ᠲᠤᠨ ᠪᠦᠷᠢ ᠳᠤ ᠪᠡᠨ 152.76 ᠲᠦᠬᠦᠷᠢᠭ᠌ ᠲᠤ ᠬᠦᠷᠴᠤ᠂ ᠵᠢᠯ ᠤᠨ ᠡᠬᠢᠨ ᠡᠴᠡ 3.85% ᠪᠡᠷ ᠨᠡᠮᠡᠭᠳᠡᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120918687