蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭ᠋ᠤᠯ ᠤᠨ ᠨᠧᠲ ᠢᠶᠡᠷ ᠬᠤᠳᠠᠯᠳᠤᠭᠠᠯᠠᠬᠤ ᠵᠠᠬ᠎ᠠ ᠵᠡᠭᠡᠯᠢ ᠬᠦᠭ᠍ᠵᠢᠶᠠᠨ ᠲᠠᠢ ᠪᠠᠶᠢᠨ᠎ᠠ

2017-05-05 17:05

    2016 ᠤᠨ ᠤ ᠰᠡᠬᠦᠯᠴᠢ ᠪᠤᠯᠲᠠᠯ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠢᠭᠡᠨᠲᠡ ᠪᠦᠷᠢᠳᠭᠡᠭᠦᠯᠦᠭᠰᠡᠨ ᠨᠧᠲ ᠢᠶᠡᠷ ᠬᠤᠳᠠᠯᠳᠤᠭᠠᠯᠠᠬᠤ ᠲᠡᠯᠭᠡᠭᠦᠷ ᠪᠠ ᠰᠤᠯᠢᠯᠴᠠᠭᠠᠨ ᠤ ᠲᠠᠪᠴᠠᠩ 161624 ᠳᠤ ᠬᠦᠷᠪᠡ᠃ ᠡᠭᠦᠨ ᠳᠤ᠂ ᠨᠧᠲ ᠢᠶᠡᠷ ᠬᠤᠳᠠᠯᠳᠤᠭᠠᠯᠠᠬᠤ ᠲᠡᠯᠭᠡᠭᠦᠷ 161583 ᠪᠠᠶᠢᠵᠤ᠂ ᠭᠤᠷᠪᠠᠳᠤᠭᠠᠷ ᠡᠲᠡᠭᠡᠳ ᠤᠨ ᠰᠤᠯᠢᠯᠴᠠᠭᠠᠨ ᠤ ᠲᠠᠪᠴᠠᠩ 41 ᠪᠤᠢ᠃ ᠨᠧᠲ ᠢᠶᠡᠷ ᠬᠤᠳᠠᠯᠳᠤᠭᠠᠯᠠᠬᠤ ᠲᠡᠯᠭᠡᠭᠦᠷ ᠤᠨ ᠠᠷᠠᠯᠵᠢᠶᠠᠯᠠᠭᠰᠠᠨ ᠦᠷᠲᠡᠭ 228.45 ᠳ᠋ᠦᠩᠰᠢᠭᠤᠷ ᠲᠦᠭᠦᠷᠢᠭ᠌ ᠲᠤ ᠬᠦᠷᠴᠦ᠂ ᠤᠷᠤᠨ ᠲᠠᠶᠠᠭᠠᠷ ᠤᠨ ᠨᠡᠶᠢᠭᠡᠮ ᠤᠨ ᠵᠢᠵᠢᠭᠯᠡᠨ ᠪᠤᠷᠤᠯᠠᠭᠤᠯᠬᠤ ᠲᠠᠸᠠᠷ ᠤᠨ ᠶᠡᠷᠦᠩᠬᠡᠢ ᠬᠡᠮᠵᠢᠶᠡᠨ ᠤ 3.41% ᠢᠢ  ᠡᠵᠡᠯᠡᠪᠡ᠃

    ᠤᠳᠤᠬᠠᠨ ᠳᠤ᠂ ᠦᠪᠦᠷ ᠮᠣᠩᠭ᠋ᠤᠯ ᠤᠨ ᠦᠪᠡᠷᠲᠡᠭᠡᠨ ᠵᠠᠰᠠᠬᠤ ᠤᠷᠤᠨ ᠬᠦᠬᠡᠬᠤᠲᠠ ᠪᠡᠷ ᠲᠦᠯᠦᠭᠡᠯᠡᠭᠦᠯᠦᠭᠰᠡᠨ ᠨᠧᠲ ᠢᠶᠡᠷ ᠬᠤᠳᠠᠯᠳᠤᠭᠠᠯᠠᠬᠤ ᠵᠠᠬ᠎ᠠ ᠵᠡᠭᠡᠯᠢ ᠢᠢᠨ ᠦᠢᠯᠡᠰ ᠤᠨ ᠴᠤᠭᠯᠠᠷᠠᠯ ᠤᠨ ᠪᠦᠰᠡ ᠶᠢ ᠪᠤᠢ ᠪᠤᠯᠭᠠᠵᠠᠢ᠃ ᠬᠦᠬᠡᠬᠤᠲᠠ ᠶᠢᠨ ᠨᠧᠲ ᠢᠶᠡᠷ ᠬᠤᠳᠠᠯᠳᠤᠭᠠᠯᠠᠬᠤ ᠵᠠᠬ᠎ᠠ ᠵᠡᠭᠡᠯᠢ ᠢᠢᠨ ᠠᠷᠠᠯᠵᠢᠶᠠᠯᠠᠬᠰᠠᠨ ᠦᠷᠲᠡᠭ ᠨᠢ125.52 ᠳ᠋ᠦᠩᠰᠢᠭᠤᠷ ᠲᠦᠬᠦᠷᠢᠭ᠌ ᠲᠤ ᠬᠦᠷᠴᠦ᠂ ᠤᠷᠤᠨ ᠲᠠᠶᠠᠭᠠᠷ ᠤᠨ ᠲᠡᠷᠢᠭᠦᠨ ᠳᠤ ᠪᠠᠶᠢᠷᠢᠯᠠᠨ᠂ ᠤᠷᠤᠨ ᠲᠠᠶᠠᠭᠠᠷ ᠤᠨ ᠨᠧᠲ ᠢᠶᠡᠷ ᠬᠤᠳᠠᠯᠳᠤᠭᠠᠯᠠᠬᠤ ᠵᠠᠬ᠎ᠠ ᠵᠡᠭᠡᠯᠢ ᠢᠢᠨ ᠠᠷᠠᠯᠵᠢᠶᠠᠯᠠᠭᠰᠠᠨ ᠶᠡᠷᠦᠩᠬᠡᠢ ᠦᠷᠲᠡᠭ ᠤᠨ ᠬᠠᠭᠠᠰ ᠡᠴᠡ ᠳᠡᠭᠡᠭ᠍ᠰᠢᠬᠢ ᠶᠢ ᠡᠵᠡᠯᠡᠭᠰᠡᠨ ᠪᠠᠶᠢᠨ᠎ᠠ᠃

ᠢᠷᠡᠯᠳᠡ᠄ ᠬᠤᠳᠠᠯᠳᠤᠭᠠᠨ ᠤ ᠬᠡᠯᠲᠡᠰ ᠤᠨ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120925792