蒙古文网站Logo
ᠰᠢᠨᠬᠤᠸᠠ ᠮᠤᠩᠭ᠋ᠤᠯ ᠨᠧᠲ

ᠨᠢᠭᠡᠳᠦᠭᠡᠷ ᠤᠯᠠᠷᠢᠯ ᠳᠤ ᠦᠪᠦᠷ ᠮᠣᠩᠭᠣᠯ ᠤᠨ ᠦᠪᠡᠷᠲᠡᠭᠡᠨ ᠵᠡᠰᠡᠬᠤ ᠤᠷᠤᠨ ᠤ ᠬᠤᠪᠤᠷ ᠰᠢᠷᠤᠢ ᠶᠢᠨ ᠡᠺᠰᠫᠤᠷᠲ᠋ᠯᠠᠭᠰᠠᠨ ᠬᠡᠮᠵᠢᠶ᠎ᠠ 2602.9 ᠲᠤᠨ ᠳᠤ ᠬᠦᠷᠴᠤ ᠦᠩᠭᠡᠷᠡᠭᠰᠡᠨ ᠤᠨ ᠤ ᠮᠦᠨ ᠦᠶ᠎ᠠ ᠡᠴᠡ 1.6 ᠲᠠᠬᠢᠨ ᠢᠶᠡᠷ ᠨᠡᠮᠡᠭᠳᠡᠵᠠᠢ

2017-05-05 17:05

    ᠬᠦᠬᠡᠬᠤᠲᠠ ᠶᠢᠨ ᠪᠤᠭᠤᠮᠲᠠ ᠶᠢᠨ ᠪᠦᠷᠢᠳᠭᠡᠭ᠍ᠰᠡᠨ ᠢᠶᠡᠷ᠂ ᠦᠨᠦ ᠵᠢᠯ ᠤᠨ ᠨᠢᠭᠡᠳᠦᠭᠡᠷ ᠤᠯᠠᠷᠢᠯ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠤᠪᠤᠷ ᠰᠢᠷᠤᠢ ᠶᠢᠨ ᠡᠺᠰᠫᠤᠷᠲ᠋ᠯᠠᠭᠰᠠᠨ ᠬᠡᠮᠵᠢᠶ᠎ᠠ 2602.9 ᠲᠤᠨ ᠳᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 1.6 ᠲᠠᠬᠢᠨ ᠢᠶᠡᠷ ᠨᠡᠮᠡᠭᠳᠡᠵᠠᠢ᠂ ᠦᠷᠲᠡᠭ ᠨᠢ 0.6 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 49.6% ᠪᠡᠷ ᠨᠡᠮᠡᠭᠳᠡᠪᠡ᠃

    ᠰᠠᠷ᠎ᠠ ᠶᠢᠨ ᠪᠦᠷᠢᠳᠭᠡᠯ ᠢ ᠦᠨᠳᠦᠰᠦᠯᠡᠪᠡᠯ᠂ 3 ᠰᠠᠷ᠎ᠠ ᠶᠢᠨ ᠡᠺᠰᠫᠤᠷᠲ᠋ᠯᠠᠭᠰᠠᠨ ᠬᠡᠮᠵᠢᠶ᠎ᠠ 1105.1 ᠲᠤᠨ ᠳᠤ ᠬᠦᠷᠴᠤ᠂ ᠦᠩᠭᠡᠷᠡᠭᠰᠡᠨ ᠤᠨ ᠤ ᠬᠢ ᠡᠴᠡ 1.7 ᠲᠠᠬᠢᠨ ᠢᠶᠡᠷ ᠨᠡᠮᠡᠭᠳᠡᠨ᠂ ᠦᠩᠭᠡᠷᠡᠭᠰᠡᠨ ᠡᠭᠡᠯᠵᠢ ᠶᠢᠨ ᠬᠢ ᠡᠴᠡ 58.9% ᠪᠡᠷ ᠨᠡᠮᠡᠭᠳᠡᠵᠠᠢ᠃

    ᠡᠺᠰᠫᠤᠷᠲ᠋ᠯᠠᠵᠤ ᠪᠠᠶᠢᠭ᠎ᠠ ᠤᠯᠤᠰ ᠡᠴᠡ ᠠᠪᠴᠤ ᠦᠵᠡᠪᠡᠯ᠂ ᠶᠠᠫᠤᠨ ᠤᠯᠤᠰ ᠲᠤ ᠭᠠᠷᠭᠠᠭᠰᠠᠨ ᠬᠡᠮᠵᠢᠶ᠎ᠠ ᠬᠠᠮᠤᠭ ᠤᠨ ᠶᠡᠬᠡ᠂ ᠭ᠍ᠸᠷᠮᠠᠨ᠂ ᠠᠮᠸᠷᠢᠺᠡ ᠪᠤᠯᠤᠨ ᠺᠤᠷᠢᠶᠠ ᠳᠤ ᠭᠠᠷᠭᠠᠭᠰᠠᠨ ᠬᠡᠮᠵᠢᠶ᠎ᠠ ᠶᠡᠬᠡ ᠪᠡᠷ ᠨᠡᠮᠡᠭᠳᠡᠭᠰᠡᠨ ᠪᠠᠶᠢᠨ᠎ᠠ᠃ ᠨᠢᠭᠡᠳᠦᠭᠡᠷ ᠤᠯᠠᠷᠢᠯ ᠳᠤ ᠬᠤᠪᠤᠷ ᠰᠢᠷᠤᠢ ᠶᠢ ᠶᠠᠫᠤᠨ ᠤᠯᠤᠰ ᠲᠤ ᠡᠺᠰᠫᠤᠷᠲ᠋ᠯᠠᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 3.3 ᠲᠠᠬᠢᠨ ᠢᠶᠡᠷ ᠨᠡᠮᠡᠭᠳᠡᠵᠤ᠂ ᠭ᠍ᠸᠷᠮᠠᠨ ᠤᠯᠤᠰ ᠲᠤ ᠡᠺᠰᠫᠤᠷᠲ᠋ᠯᠠᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 3.5 ᠲᠠᠬᠢᠨ ᠢᠶᠡᠷ ᠨᠡᠮᠡᠭᠳᠡᠨ᠂ ᠠᠮᠧᠷᠢᠺᠡ ᠤᠯᠤᠰ ᠲᠤ ᠡᠺᠰᠫᠤᠷᠲ᠋ᠯᠠᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 81.1% ᠪᠡᠷ ᠨᠡᠮᠡᠭᠳᠡᠵᠤ᠂ ᠺᠤᠷᠢᠶᠠ ᠤᠯᠤᠰ ᠲᠤ ᠡᠺᠰᠫᠤᠷᠲ᠋ᠯᠠᠭᠰᠠᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠡᠴᠡ 126 ᠲᠠᠬᠢᠨ ᠢᠶᠡᠷ ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120925808