蒙古文网站Logo
ᠰᠢᠨᠬᠤᠸᠠ ᠮᠤᠩᠭ᠋ᠤᠯ ᠨᠧᠲ

ᠪᠤᠭᠤᠲᠤ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠶᠢᠯᠠᠯ ᠤᠨ ᠦᠷ᠎ᠠ ᠠᠰᠢᠭ ᠮᠡᠳᠡᠭᠳᠡᠮ᠎ᠠ ᠰᠠᠶᠢᠵᠢᠷᠠᠪᠠ

2017-05-08 16:54

    ᠰᠡᠭᠦᠯ ᠤᠨ ᠦᠶ᠎ᠠ ᠳᠤ᠂ ᠰᠤᠷᠪᠤᠯᠵᠢᠯᠠᠭᠴᠢ ᠪᠤᠭᠤᠲᠤ ᠬᠤᠲᠠ ᠶᠢᠨ ᠵᠠᠰᠠᠭ ᠤᠨ ᠤᠷᠳᠤᠨ ᠡᠴᠡ ᠤᠶᠢᠯᠠᠭᠠᠭᠰᠠᠨ ᠢᠶᠡᠷ᠂ ᠨᠢᠭᠡᠳᠦᠭᠡᠷ ᠤᠯᠠᠷᠢᠯ ᠳᠤ ᠪᠤᠭᠤᠲᠤ ᠬᠤᠲᠠ ᠶᠢᠨ ᠪᠦᠰᠡ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 848.4 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 7.0% ᠢᠶᠡᠷ ᠨᠡᠮᠡᠭᠳᠡᠨ᠂ ᠶᠡᠷᠦᠩᠬᠡᠢ ᠲᠤᠭᠲᠠᠭᠤᠨ ᠬᠦᠭ᠍ᠵᠢᠯᠲᠠ ᠶᠢᠨ ᠬᠠᠨᠳᠤᠰᠢ ᠪᠡᠨ ᠪᠠᠲᠤᠯᠠᠭᠰᠠᠭᠠᠷ ᠪᠠᠶᠢᠨ᠎ᠠ᠃

    ᠨᠢᠭᠡᠳᠦᠭᠡᠷ ᠤᠯᠠᠷᠢᠯ ᠳᠤ᠂ ᠪᠤᠭᠤᠲᠤ ᠬᠤᠲᠠ ᠶᠢᠨ ᠪᠤᠯᠤᠳ ᠲᠠᠮᠤᠷ᠂ ᠲᠤᠨᠤᠭᠯᠠᠯ ᠤᠨ ᠦᠢᠯᠡᠳᠪᠦᠷᠢᠯᠡᠯ᠂ ᠬᠦᠩᠬᠡᠨ ᠴᠠᠭᠠᠨ ᠤ ᠠᠵᠤ ᠦᠢᠯᠡᠰ᠂ ᠬᠤᠪᠤᠷ ᠰᠢᠷᠦᠢ᠂ ᠡᠷᠴᠢᠮ ᠬᠦᠴᠦ ᠵᠡᠷᠭᠡ 5 ᠳᠤᠯᠭᠠᠭᠤᠷᠢ ᠠᠵᠤ ᠦᠢᠯᠡᠰ ᠤᠨ ᠨᠡᠮᠡᠭᠳᠡᠴᠡ ᠶᠢᠨ ᠬᠡᠮᠵᠢᠶ᠎ᠠ ᠦᠩᠭᠡᠷᠡᠭᠰᠡᠨ ᠤᠨ ᠤ ᠮᠦᠨ ᠦᠶ᠎ᠠ ᠶᠢᠨ ᠬᠢ ᠡᠴᠡ 8.5% ᠪᠡᠷ ᠨᠡᠮᠡᠭᠳᠡᠨ᠂ ᠬᠤᠲᠠ ᠳᠠᠶᠠᠭᠠᠷ ᠤᠨ ᠠᠵᠤ ᠦᠢᠯᠡᠳᠪᠦᠷᠢ ᠡᠳ᠋ ᠤᠨ ᠵᠠᠰᠠᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ 70.6% ᠳᠤ ᠬᠦᠷᠴᠤ᠂ ᠬᠤᠲᠠ ᠳᠠᠶᠠᠭᠠᠷ ᠤᠨ ᠠᠵᠤ ᠦᠢᠯᠡᠳᠪᠦᠷᠢ ᠡᠳ᠋ ᠤᠨ ᠵᠠᠰᠠᠬ ᠤᠨ ᠨᠡᠮᠡᠭᠳᠡᠯ ᠢ 5.9 ᠵᠠᠭᠤᠨ ᠨᠢᠭᠡᠴᠢ ᠪᠡᠷ ᠨᠡᠮᠡᠭᠳᠡᠭᠦᠯᠵᠡᠢ᠃ ᠬᠡᠪᠴᠢᠶᠡᠵᠢᠯ ᠡᠴᠡ ᠳᠡᠭᠡᠭ᠍ᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠶᠡᠷᠦᠩᠬᠡᠢ ᠠᠰᠢᠭ ᠤᠨ ᠬᠡᠮᠵᠢᠶ᠎ᠠ ᠨᠢ 33.2 ᠳ᠋ᠦᠩᠰᠢᠭᠤᠷ ᠲᠤᠢᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 1.8 ᠲᠠᠬᠢᠨ ᠢᠶᠡᠷ ᠨᠡᠮᠡᠭᠳᠡᠵᠠᠢ᠃ ᠡᠭᠦᠨ ᠳᠤ᠂ ᠠᠰᠢᠭ ᠤᠯᠬᠤ ᠠᠵᠤ ᠠᠬᠤᠶᠢᠯᠠᠯ ᠤᠨ ᠶᠡᠷᠦᠩᠬᠡᠢ ᠠᠰᠢᠭ ᠤᠨ ᠬᠡᠮᠵᠢᠶ᠎ᠠ ᠨᠢ 45.7 ᠳ᠋ᠦᠩᠰᠢᠭᠤᠷ ᠲᠤᠢᠬᠦᠷᠢᠭ᠌ ᠲᠤ ᠬᠦᠷᠴᠤ᠂ 28% ᠪᠡᠷ ᠨᠡᠮᠡᠭᠳᠡᠪᠡ᠃ ᠬᠤᠬᠢᠷᠠᠭᠰᠠᠨ ᠠᠵᠤ ᠠᠬᠤᠶᠢᠯᠠᠯ ᠤᠨ ᠬᠤᠬᠢᠷᠠᠭᠰᠠᠨ ᠬᠡᠮᠵᠢᠶ᠎ᠠ 12.4 ᠳ᠋ᠦᠩᠰᠢᠭᠤᠷ ᠲᠦᠬᠦᠷᠢᠭ᠌ ᠲᠤ ᠬᠦᠷᠴᠤ᠂ 48.3% ᠪᠡᠷ ᠪᠠᠭᠤᠷᠠᠪᠠ᠃

    ᠲᠤᠭᠲᠠᠮᠠᠯ ᠬᠦᠷᠦᠩᠭᠡ ᠳᠤ 173.6 ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 15.6% ᠪᠡᠷ ᠨᠡᠮᠡᠭᠳᠡᠪᠡ᠃ ᠢᠷᠭᠡᠳ ᠤᠨ ᠬᠦᠷᠦᠩᠭᠡ ᠤᠷᠤᠭᠤᠯᠤᠯᠲᠠ 111.9 ᠳ᠋ᠦᠩᠰᠢᠭᠤᠷ ᠲᠦᠬᠦᠷᠢᠭ᠌ ᠲᠤ ᠬᠦᠷᠴᠤ᠂ 25.1% ᠪᠡᠷ ᠨᠡᠮᠡᠭᠳᠡᠵᠠᠢ᠃ ᠲᠠᠳ᠋ ᠪᠦᠲᠦᠴᠡ ᠶᠢᠨ ᠬᠦᠷᠦᠩᠭᠡ ᠤᠷᠤᠭᠤᠯᠤᠯᠲᠠ 27.5 ᠳ᠋ᠦᠩᠰᠢᠭᠤᠷ ᠲᠦᠬᠦᠷᠢᠭ᠌ ᠲᠤ ᠬᠦᠷᠴᠤ᠂ 51.3% ᠪᠡᠷ ᠦᠰᠪᠠ᠃ ᠰᠢᠨ᠎ᠠ ᠪᠡᠷ ᠪᠦᠲᠦᠭᠡᠨ ᠪᠠᠶᠢᠭᠤᠯᠵᠤ ᠪᠠᠶᠢᠭ᠎ᠠ ᠲᠦᠰᠦᠯ 356 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 152 ᠨᠡᠮᠡᠭᠳᠡᠪᠡ᠃ ᠡᠭᠦᠨ ᠳᠤ᠂ ᠳ᠋ᠦᠩᠰᠢᠭᠤᠷ ᠲᠦᠬᠦᠷᠢᠭ᠌ ᠤᠨ ᠬᠦᠷᠦᠩᠭᠡ ᠤᠷᠤᠭᠤᠯᠤᠯᠲᠠ ᠶᠢ ᠪᠡᠶᠡᠯᠡᠭᠦᠯᠦᠭᠰᠡᠨ ᠲᠦᠰᠦᠯ 34 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 17 ᠨᠡᠮᠡᠭᠳᠡᠭᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120937675