蒙古文网站Logo
ᠰᠢᠨᠬᠤᠸᠠ ᠮᠤᠩᠭ᠋ᠤᠯ ᠨᠧᠲ

ᠨᠢᠭᠡᠳᠦᠭᠡᠷ ᠤᠯᠠᠷᠢᠯ ᠳᠤ ᠪᠤᠭᠤᠲᠤ ᠬᠤᠲᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠲᠤᠭᠲᠠᠭᠤᠨ ᠦᠰᠦᠯᠲᠠ ᠢᠶᠡᠨ ᠪᠠᠲᠤᠯᠠᠪᠠ

2017-05-09 11:29

    ᠨᠢᠭᠡᠳᠦᠭᠡᠷ ᠤᠯᠠᠷᠢᠯ ᠳᠤ᠂ ᠪᠤᠭᠤᠲᠤ ᠬᠤᠲᠠ ᠶᠢᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ 173.63 ᠳ᠋ᠦᠩᠰᠢᠭᠤᠷ ᠲᠦᠬᠦᠷᠢᠭ᠌ ᠢ ᠪᠡᠶᠡᠯᠡᠭᠦᠯᠵᠤ᠂ ᠦᠩᠭᠡᠷᠡᠭᠰᠡᠨ ᠤᠨ ᠤ ᠮᠦᠨ ᠦᠶ᠎ᠠ ᠡᠴᠡ 15.6% ᠪᠡᠷ ᠨᠡᠮᠡᠭᠳᠡᠪᠡ᠃ ᠬᠦᠷᠦᠩᠭᠡ ᠤᠷᠤᠭᠤᠯᠤᠯᠲᠠ ᠶᠢᠨ ᠬᠤᠷᠳᠤᠴᠠ ᠶᠢᠨ ᠨᠡᠮᠡᠭᠳᠡᠴᠡ ᠤᠷᠤᠨ ᠳᠠᠶᠠᠭᠠᠷ ᠤᠨ ᠬᠢ ᠡᠴᠡ 0.8% ᠪᠡᠷ ᠦᠨᠳᠦᠷ ᠪᠠᠶᠢᠵᠤ᠂ ᠤᠯᠤᠰ ᠳᠠᠶᠠᠭᠠᠷ ᠤᠨ ᠬᠢ ᠡᠴᠡ 6.4% ᠪᠡᠷ ᠦᠨᠳᠦᠷ᠃ ᠬᠦᠷᠦᠩᠭᠡ ᠤᠷᠤᠭᠤᠯᠤᠯᠲᠠ ᠶᠢᠨ ᠶᠡᠷᠦᠩᠬᠡᠢ ᠬᠡᠮᠵᠢᠶ᠎ᠠ ᠤᠷᠤᠨ ᠳᠠᠶᠠᠭᠠᠷ ᠤᠨ ᠲᠠᠷᠢᠭᠦᠨ ᠳᠤ ᠪᠠᠶᠢᠷᠢᠯᠠᠨ᠂ ᠬᠤᠷᠳᠤᠴᠠ ᠶᠢᠨ ᠨᠡᠮᠡᠭᠳᠡᠴᠡ ᠨᠢ ᠤᠷᠤᠨ ᠳᠠᠶᠠᠭᠠᠷ ᠲᠤ ᠲᠤᠯᠤᠳᠤᠭᠠᠷ ᠲᠤ ᠪᠠᠶᠢᠷᠢᠯᠡᠵᠠᠢ᠃ ᠨᠢᠭᠡᠳᠦᠭᠡᠷ ᠠᠵᠤ ᠦᠢᠯᠡᠰ ᠤᠨ ᠬᠦᠷᠦᠩᠭᠡ ᠤᠷᠤᠭᠤᠯᠤᠯᠲᠠ  2.02 ᠳ᠋ᠦᠩᠰᠢᠭᠤᠷ ᠲᠦᠬᠦᠷᠢᠭ᠌᠂ ᠦᠩᠭᠡᠷᠡᠭᠰᠡᠨ ᠤᠨ ᠤ ᠮᠦᠨ ᠦᠶ᠎ᠠ ᠡᠴᠡ 156.6% ᠪᠡᠷ ᠨᠡᠮᠡᠭᠳᠡᠵᠤ᠂ ᠬᠤᠶᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ 96.16 ᠳ᠋ᠦᠩᠰᠢᠭᠤᠷ ᠲᠦᠬᠦᠷᠢᠭ᠌᠂ 4.3% ᠪᠡᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ 75.44 ᠳ᠋ᠦᠩᠰᠢᠭᠤᠷ ᠲᠦᠬᠦᠷᠢᠭ᠌ ᠲᠤ ᠬᠦᠷᠴᠤ᠂ 31.1% ᠪᠡᠷ ᠨᠡᠮᠡᠭᠳᠡᠪᠡ᠃ ᠭᠤᠷᠪᠠ ᠤᠳᠠᠭᠠᠨ ᠤ ᠠᠵᠤ ᠦᠢᠯᠡᠰ ᠤᠨ ᠬᠦᠷᠦᠩᠭᠡ ᠤᠷᠤᠭᠤᠯᠤᠯᠲᠠ ᠶᠢᠨ ᠬᠤᠪᠢ ᠶᠢᠨ ᠵᠢᠩ ᠨᠢᠳᠤᠨᠤᠨ ᠤ ᠠᠳᠠᠯᠢ ᠬᠤᠭᠤᠴᠠᠭᠠᠨ ᠤ 0.5:61.3:38.2 ᠪᠠᠶᠢᠭᠰᠠᠨ ᠡᠴᠡ 1.1:55.4:43.5 ᠪᠤᠯᠵᠤ᠂ ᠬᠦᠷᠦᠩᠭᠡ ᠤᠷᠤᠭᠤᠯᠤᠯᠲᠠ ᠶᠢᠨ ᠪᠦᠲᠦᠴᠡ ᠰᠠᠶᠢᠵᠢᠷᠠᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120942247